ᠲᠠᠶᠢᠹᠤᠰᠧ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠡᠷᠬᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/10/1
ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠥᠴᠢᠷ᠂ ᠲᠠᠶᠢᠹᠤᠰᠧ ᠳᠤ ᠰᠠᠭᠤᠭ᠎ᠠ ᠡᠯ᠎ᠡ ᠨᠢᠭᠡᠴᠡ ᠳᠤ᠄    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠳᠤᠳᠬᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠡᠰ ᠳᠡᠪᠰᠢᠬᠦ ᠶᠢ ᠠᠬᠢᠭᠤᠯᠵᠤ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠳᠡᠷᠡᠬᠦᠯᠬᠦ ᠶᠢᠨ ᠲᠦᠯᠦᠭᠡ᠂ ᠲᠠᠶᠢᠹᠤᠰᠧ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠢ ᠡᠷᠬᠢᠯᠡᠬᠦ ᠪᠠᠷ ᠲᠤᠭᠳᠠᠪᠠ᠂  ᠡᠳᠦᠬᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄   ᠶᠡᠷᠦᠩᠬᠡᠢ ᠱᠠᠭᠠᠷᠳᠠᠯᠭ᠎ᠠ᠄ ᠤᠯᠤᠰ᠂ ᠣᠷᠣᠨ᠂ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠬᠦᠨᠵᠡᠬᠡᠶᠢᠷᠡᠬᠦᠯᠦᠨ ᠦᠷᠭᠡᠳᠭᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠲᠦᠷᠦᠯ ᠵᠦᠢᠯᠵᠢᠭᠰᠡᠨ ᠡᠵᠡᠩᠨᠡᠯᠳᠡ ᠪᠠᠷ ᠲᠠᠮᠵᠢᠭᠠᠳ ᠣᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠶᠢ ᠬᠠᠩᠭᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠢᠯᠤᠭᠤᠳᠤᠨ ᠪᠣᠯᠪᠠᠰᠤᠨ ᠤ ᠪᠤᠶᠢᠵᠢᠭᠤᠯᠤᠯᠳᠠ᠂ ᠪᠣᠯᠪᠠᠰᠤᠨ ᠤ ᠦᠢᠯᠡᠳᠦᠯᠭᠡ᠂ ᠪᠣᠯᠪᠠᠰᠤᠨ ᠤ ᠪᠠᠶᠢᠭᠤᠯᠤᠯᠳᠠ ᠶᠢᠨ ᠳᠤᠮᠳᠠ ᠨᠠᠩ ᠶᠡᠭᠡ ᠬᠤᠪᠢ ᠨᠡᠮᠡᠷᠢ ᠦᠵᠡᠬᠦᠯᠵᠦ᠂  ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃    ᠭᠤᠤᠯ ᠰᠡᠳᠤᠪ᠄ ︽ᠪᠣᠯᠪᠠᠰᠤᠨ ᠤ ᠦᠢᠯᠡᠳᠦᠯᠭᠡ ᠳᠤ ᠬᠠᠮᠲᠤ ᠪᠠᠷ ᠤᠷᠤᠯᠴᠠᠨ᠎ᠠ︾    ᠤᠷᠤᠯᠳᠤᠬᠤ ᠴᠠᠭ᠄ 2024 ᠣᠨ ᠤ 10 ᠰᠠᠷ᠎ᠠ ᠶᠢᠨ ᠰᠡᠭᠦᠯᠴᠢ ᠪᠠᠷ ᠰᠢᠢᠳᠪᠦᠷᠢᠲᠦ ᠤᠷᠤᠯᠳᠤᠭᠠᠨ  ᠶᠠᠪᠤᠭᠳᠠᠨ᠎ᠠ᠃   ᠤᠷᠤᠯᠴᠠᠬᠤ ᠨᠢᠭᠤᠷᠯᠠᠯ᠄ ᠡᠯ᠎ᠡ ᠰᠤᠮᠤ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠰᠠᠯᠪᠤᠷᠢ᠂  ᠡᠯ᠎ᠡ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠲᠠᠶᠢᠹᠤᠰᠧ ᠬᠤᠰᠢᠭᠤᠨ ᠤ ᠬᠡᠪᠴᠢᠶᠡᠨ ᠳᠠᠬᠢ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠬᠢᠵᠦ ᠪᠠᠶᠢᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ᠃    ᠲᠦᠷᠦᠯ ᠵᠦᠢᠯ ᠤᠨ ᠠᠩᠭᠢᠯᠠᠯ᠄ ᠤᠷᠤᠯᠳᠤᠭᠠᠨ ᠳᠤ ᠣᠷᠣᠯᠴᠠᠬᠤ ᠲᠥᠷᠥᠯ ᠵᠦᠢᠯ ᠨᠢ ᠡᠷᠬᠡᠪᠰᠢ ᠣᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠪᠠ ᠨᠡᠶᠢᠭᠡᠮ ᠤᠨ ᠠᠩᠬᠠᠷᠤᠯ ᠢᠶᠠᠷ ᠤᠳᠤᠷᠢᠳᠤᠮᠵᠢ ᠪᠣᠯᠭᠠᠵᠤ᠂ ︽ᠰᠢᠨᠵᠢᠯᠡᠬᠦ ᠤᠬᠠᠭᠠᠨᠴᠢ ᠣᠨᠣᠯ ᠢ ᠰᠤᠷᠤᠯᠴᠠᠨ ᠦᠢᠯᠡᠳᠦᠬᠡᠵᠢᠬᠦᠯᠬᠦ᠂ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠶᠡᠨᠲᠡᠶ ᠪᠣᠯᠭᠠᠬᠤ᠂ ᠭᠤᠤᠯ ᠤᠷᠤᠰᠬᠠᠯ ᠤᠨ ᠥᠷᠲᠡᠭ ᠢ ᠪᠤᠶᠢᠵᠢᠭᠤᠯᠤᠨ ᠦᠢᠯᠡᠳᠦᠯᠭᠡᠵᠢᠭᠦᠯᠬᠦ᠂ ᠬᠡᠪ ᠵᠠᠩᠰᠢᠯ ᠤᠨ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ︾ ᠲᠠᠪᠤᠨ ᠠᠭᠤᠯᠭ᠎ᠠ ᠶᠢᠨ ᠲᠤᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠤᠳᠬᠠᠬᠤ᠂  ᠪᠣᠯᠪᠠᠰᠤᠨ ᠤ ᠦᠢᠯᠡᠳᠦᠯᠭᠡ᠂ ᠪᠣᠯᠪᠠᠰᠤᠨ ᠤ ᠪᠠᠶᠢᠭᠤᠯᠤᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠦᠨᠳᠦᠰᠦᠲᠡᠨ ᠤ ᠪᠦᠯᠬᠦᠮᠳᠡᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ᠂ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ᠂ ᠬᠡᠪ ᠵᠠᠩᠰᠢᠯ ᠢ ᠥᠭᠡᠷᠡᠴᠢᠯᠡᠬᠦ᠂ ᠨᠠᠰᠤᠲᠠᠳ ᠢ ᠬᠠᠪᠰᠤᠷᠤᠨ ᠵᠡᠮᠳᠡᠭᠴᠦᠳ ᠢ ᠲᠤᠰᠠᠯᠠᠬᠤ᠂  ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠣᠷᠴᠢᠨ ᠲᠣᠭᠤᠷᠢᠨ ᠤ ᠬᠠᠮᠠᠭᠠᠯᠠᠯᠲᠠ᠂ ᠤᠬᠠᠭᠤᠯᠭ᠎ᠠ ᠬᠥᠮᠦᠵᠢᠯ᠂ ᠰᠣᠶᠣᠯ ᠲᠠᠮᠢᠷ᠂ ᠠᠵᠢᠯ ᠣᠯᠭᠤᠯᠲᠠ᠂ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠡᠳᠬᠢᠴᠡ ᠶᠢᠨ ᠵᠢᠯᠤᠭᠤᠳᠤᠯᠭ᠎ᠠ  ᠂ ᠬᠠᠤᠯᠢ  ᠶᠢᠨ ᠲᠤᠰᠠᠯᠠᠮᠵᠢ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠵᠡᠷᠭᠡ ᠲᠠᠯ᠎ᠠ ᠪᠠᠷ ᠲᠦᠰᠦᠪᠯᠡᠨ ᠭᠡᠷᠡᠭᠵᠢᠬᠦᠯᠦᠨ᠎ᠡ᠃    ᠲᠦᠷᠦᠯ ᠵᠦᠢᠯ ᠤᠨ ᠱᠠᠭᠠᠷᠳᠠᠯᠭ᠎ᠠ᠄ ︵ᠨᠢᠭᠡ︶ ᠲᠥᠷᠥᠯ ᠵᠦᠢᠯ ᠤᠨ ᠬᠠᠷᠠᠯᠲᠠ ᠶᠢ ᠲᠤᠳᠤᠷᠬᠠᠢ ᠪᠠᠯᠭᠠᠨ᠎ᠠ᠃ ᠲᠥᠷᠥᠯ ᠵᠦᠢᠯ ᠢ ᠡᠷᠡᠮᠡᠯᠵᠡᠯᠡᠨ ᠮᠡᠳᠡᠭᠦᠯᠬᠦ ᠳᠤ ᠣᠯᠠᠨ ᠲᠦᠮᠡᠨ ᠤ ᠱᠠᠭᠠᠷᠳᠠᠯᠭ᠎ᠠ  ᠬᠡᠷᠡᠭᠴᠡᠭᠡ ᠪᠠ ᠨᠡᠶᠢᠭᠡᠮ ᠤᠨ ᠠᠩᠬᠠᠷᠤᠯ ᠳᠤ ᠬᠠᠨᠳᠤᠭᠤᠯᠵᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠴᠠᠯᠢᠭ ᠢ ᠲᠤᠪᠤᠶᠢᠯᠭᠠᠨ᠂ ᠵᠣᠬᠢᠬᠤ ᠨᠡᠶᠢᠭᠡᠮ ᠤᠨ ᠴᠢᠳᠠᠮᠵᠢ ᠪᠠ ᠨᠥᠯᠥᠭᠡ ᠶᠢ  ᠪᠦᠷᠢᠯᠳᠦᠬᠦᠯᠬᠦ ᠭᠡᠷᠡᠭᠳᠡᠢ᠃ ︵ᠬᠤᠶᠠᠷ︶ ᠦᠢᠯᠡᠴᠢᠯᠡᠭᠡᠨ ᠤ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠶᠢᠯᠭᠠᠨ᠎ᠠ᠃ ᠲᠥᠷᠥᠯ ᠵᠦᠢᠯ ᠤᠨ ᠲᠦᠰᠦᠪ ᠲᠥᠯᠥᠪᠯᠡᠭᠡ ᠶᠢ ᠬᠢᠬᠦ ᠳᠡᠭᠡᠨ ᠪᠠᠶᠢᠴᠠᠭᠠᠨ ᠰᠤᠳᠤᠯᠵᠤ ᠨᠤᠲᠠᠯᠠᠬᠤ ᠪᠠᠷ ᠳᠡᠮᠵᠢᠨ᠂ ᠦᠢᠯᠡᠴᠢᠯᠡᠬᠦ ᠡᠲᠡᠭᠡᠳ ᠤᠨ ᠱᠠᠭᠠᠷᠳᠠᠯᠭ᠎ᠠ  ᠬᠡᠷᠡᠭᠴᠡᠭᠡ ᠶᠢ ᠭᠦᠢᠴᠡᠳ ᠢᠯᠡᠷᠡᠭᠦᠯᠵᠦ᠂ ᠦᠢᠯᠡᠴᠢᠯᠡᠬᠦ ᠠᠭᠤᠯᠭ᠎ᠠ ᠶᠢᠨ ᠲᠣᠬᠢᠷᠠᠭᠤᠯᠤᠯᠲᠠ ᠨᠢ ᠵᠦᠶ ᠵᠣᠬᠢᠰᠲᠠᠶ᠂  ᠭᠡᠷᠡᠭᠵᠢᠬᠦᠯᠦᠯᠳᠡ ᠨᠢ ᠲᠦᠷᠢᠮᠵᠢᠯ ᠲᠠᠢ ᠪᠠᠶᠢᠵᠤ᠂ ᠪᠣᠯᠪᠠᠰᠤᠷᠠᠯ ᠢ ᠴᠢᠬᠤᠯᠠᠴᠢᠯᠠᠨ᠂ ᠵᠣᠬᠢᠬᠤ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠲᠦᠪᠰᠢᠨ ᠲᠠᠢ ᠪᠠᠶᠢᠬᠤ ᠭᠡᠷᠡᠭᠳᠡᠢ᠃ ︵ᠭᠤᠷᠪᠠ︶ ᠵᠤᠬᠢᠶᠠᠨ ᠪᠠᠶᠢᠭᠤᠯᠤᠯᠳᠠ ᠪᠠ ᠬᠠᠮᠢᠶᠠᠷᠤᠯᠲᠠ ᠶᠢ ᠲᠦᠷᠢᠮᠵᠢᠬᠦᠨ ᠪᠠᠶᠢᠯᠭᠠᠨ᠎ᠠ᠃ ᠲᠥᠷᠥᠯ ᠵᠦᠢᠯ ᠤᠨ ᠪᠦᠯᠬᠦᠮ ᠨᠡᠶᠢᠲᠡ ᠶᠢ ᠬᠠᠤᠯᠢ ᠶᠣᠰᠣᠭᠠᠷ  ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠭᠰᠠᠨ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠲᠥᠷᠥᠯ ᠵᠦᠢᠯ ᠢ ᠡᠷᠡᠮᠡᠯᠵᠡᠯᠡᠨ ᠮᠡᠳᠡᠭᠦᠯᠬᠦ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠭᠤᠤᠯᠯᠠᠭᠴᠢ ᠭᠡᠰᠢᠬᠦᠨ ᠨᠢ ᠠᠳᠠᠭ ᠲᠠᠭᠠᠨ 3 ᠬᠥᠮᠦᠨ ᠪᠠᠶᠢᠬᠤ ᠭᠡᠷᠡᠭᠳᠡᠢ ᠪᠦᠭᠡᠳ  ᠡᠳᠡᠭᠡᠷ ᠬᠦᠮᠦᠰ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶ᠎ᠠ ᠪᠥᠬᠦᠶ ᠠᠵᠢᠯ  ᠤᠨ ᠲᠤᠷᠰᠢᠯᠭ᠎ᠠ ᠲᠠᠢ ᠪᠠᠶᠢᠪᠠᠯ ᠵᠤᠬᠢᠨ᠎ᠠ᠃  ︵ᠲᠦᠷᠪᠡ︶ ᠨᠡᠶᠢᠭᠡᠮ ᠤᠨ ᠦᠷ᠎ᠡ ᠨᠦᠯᠦᠭᠡ ᠪᠠᠷ ᠰᠠᠶᠢᠨ ᠪᠠᠶᠢᠬᠤ ᠶᠢ ᠴᠢᠬᠤᠯᠠᠴᠢᠯᠠᠨ᠎ᠠ᠃ ᠲᠥᠷᠥᠯ ᠵᠦᠢᠯ ᠤᠨ ᠬᠡᠷᠡᠭᠵᠢᠭᠦᠯᠦᠯᠲᠡ ᠨᠢ ᠦᠢᠯᠡᠴᠢᠯᠡᠬᠦ ᠡᠲᠡᠭᠡᠳ᠂ ᠦᠢᠯᠡᠴᠢᠯᠡᠬᠦ ᠨᠢᠭᠡᠴᠡ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠡᠭᠡᠳᠦ ᠬᠡᠮᠵᠢᠶ᠎ᠡ ᠪᠠᠷ ᠮᠡᠳᠡᠷᠡᠭᠳᠡᠭᠰᠡᠨ ᠪᠦᠭᠡᠳ  ᠲᠡᠳᠡᠨ ᠤ ᠬᠦᠴᠦᠳᠡᠢ ᠲᠡᠮᠵᠢᠯᠭᠡ ᠶᠢ ᠤᠯᠵᠤ᠂ ᠨᠡᠶᠢᠬᠡᠮ ᠤᠨ ᠡᠯ᠎ᠡ ᠡᠲᠡᠭᠡᠳ ᠲᠤ ᠦᠨᠳᠦᠷ ᠦᠨᠡᠯᠡᠭᠳᠡᠭᠰᠡᠨ ᠪᠠᠶᠢᠬᠤ ᠭᠡᠷᠡᠭᠳᠡᠢ᠃ ︵ᠲᠠᠪᠤ︶  ᠲᠦᠷᠦᠯ ᠵᠦᠢᠯ ᠤᠨ ᠦᠷᠬᠦᠯᠵᠢᠯᠡᠭᠰᠡᠨ ᠬᠥᠭᠵᠢᠯᠲᠡ ᠶᠢ ᠪᠠᠳᠤᠯᠠᠨ᠎ᠠ᠃ ᠲᠥᠷᠥᠯ ᠵᠦᠢᠯ ᠤᠨ ᠲᠣᠭᠲᠠᠴᠠ ᠶᠢ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠵᠦ᠂ ᠬᠡᠷᠡᠭᠵᠢᠭᠦᠯᠬᠦ ᠴᠠᠭ ᠨᠢ ᠨᠡᠯᠢᠶᠡᠳ ᠣᠷᠳᠣ᠂ ᠲᠠᠭᠤᠷᠢᠶᠠᠯ ᠤᠨ ᠴᠢᠨᠠᠷ ᠢᠶᠠᠷ ᠴᠢᠩᠭ᠎ᠠ᠂ ᠨᠡᠯᠢᠶᠡᠳ ᠴᠢᠩᠭ᠎ᠠ ᠨᠡᠶᠢᠭᠡᠮ ᠤᠨ ᠨᠥᠯᠥᠭᠡᠯᠡᠬᠦ ᠬᠦᠴᠦᠨ ᠪᠠ ᠢᠲᠡᠭᠡᠭᠦᠯᠬᠦ ᠬᠦᠴᠦᠨ ᠲᠠᠢ  ᠪᠠᠶᠢᠬᠤ ᠶᠢ ᠪᠠᠳᠤᠯᠠᠬᠤ ᠭᠡᠷᠡᠭᠳᠡᠢ᠃     ᠱᠠᠩᠨᠠᠯ ᠤᠨ ᠲᠤᠬᠢᠷᠠᠭᠤᠯᠤᠯᠳᠠ᠄  ᠡᠨᠡ ᠤᠳᠠᠭᠠᠨ ᠤ ᠤᠷᠤᠯᠳᠤᠭᠠᠨ ᠳᠤ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠪᠠ ᠰᠢᠯᠢᠳᠡᠭ ᠲᠦᠷᠦᠯ ᠵᠦᠢᠯ ᠤᠨ ᠱᠠᠩᠨᠠᠯ ᠢ ᠲᠤᠬᠢᠷᠠᠭᠤᠯᠵᠤ᠂  ᠡᠷᠬᠢᠯᠡᠨ ᠬᠦᠢᠴᠡᠳᠭᠡᠬᠦ ᠨᠢᠬᠡᠴᠡ ᠶᠢᠨ ᠬᠢᠨ  ︽ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ︾ ᠬᠡᠯᠪᠡᠷᠢ ᠪᠠᠷ ᠱᠠᠩᠨᠠᠯ ᠤᠨ ᠮᠥᠩᠭᠦ ᠶᠢᠨ ᠲᠤᠰᠠᠯᠠᠮᠵᠢ ᠣᠯᠭᠤᠬᠤ ᠪᠦᠭᠡᠳ ᠭᠤᠤᠯᠯᠠᠨ ᠡᠷᠭᠢᠯᠡᠬᠦ ᠨᠢᠬᠡᠴᠡ ᠠᠴᠠ ᠮᠧᠳᠠᠯ ᠦᠨᠡᠮᠯᠡᠯ ᠣᠯᠭᠤᠨ᠎ᠠ᠃     ᠶᠠᠪᠤᠭᠳᠠᠬᠤ ᠠᠯᠬᠤᠮ᠄   ᠨᠢᠭᠡ᠂ ᠲᠦᠷᠦᠯ ᠵᠦᠢᠯ ᠡᠯᠰᠡᠬᠦ ︵10 ᠰᠠᠷ᠎ᠠ ᠶᠢᠨ 15 ᠤ ᠡᠳᠦᠷ ᠪᠣᠯᠲᠠᠯ᠎ᠠ︶᠃ ᠭᠤᠣᠯᠯᠠᠨ ᠡᠷᠬᠢᠯᠡᠭᠰᠡᠨ ᠨᠢᠬᠡᠴᠡ ᠨᠢ ᠪᠦᠬᠦ ᠬᠤᠱᠢᠭᠤᠨ ᠤ ᠬᠡᠪᠴᠢᠶᠡᠨ ᠳᠤ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠢᠯᠡ ᠪᠠᠷ ᠡᠯᠰᠡᠨ ᠴᠤᠭᠯᠠᠭᠤᠯᠤᠨ᠎ᠠ᠃ ᠤᠷᠤᠯᠳᠤᠭᠠᠨ ᠳᠤ ᠤᠷᠤᠯᠴᠠᠭᠰᠠᠨ ᠥᠷᠲᠡᠭᠡ ᠰᠠᠯᠪᠤᠷᠢ᠂ ᠪᠠᠶᠢᠭᠤᠯᠭ᠎ᠠ ᠨᠢᠬᠡᠴᠡ᠂ ᠪᠦᠯᠬᠦᠮ ᠬᠠᠮᠳᠤ ᠨᠢ ︽ᠡᠷᠡᠮᠡᠯᠵᠡᠯ ᠤᠨ ᠬᠦᠰᠦᠨᠦᠭᠲᠦ︾ ᠶᠢ ᠰᠦᠯᠵᠢᠶᠡᠨ ᠠᠴᠠ ᠪᠠᠭᠤᠯᠭᠠᠨ ᠠᠪᠴᠤ᠂  ᠲᠥᠷᠥᠯ ᠵᠦᠢᠯ ᠤᠨ ᠦᠨᠳᠦᠰᠦᠨ ᠪᠠᠶᠢᠳᠠᠯ᠂ ᠭᠤᠤᠯ ᠠᠷᠭ᠎ᠠ ᠬᠡᠮᠵᠢᠶ᠎ᠡ᠂ ᠠᠬᠢᠴᠠ ᠶᠢᠨ ᠪᠠᠶᠢᠳᠠᠯ ᠪᠠ ᠣᠯᠠᠨ ᠲᠦᠮᠡᠨ ᠤ ᠦᠨᠡᠯᠡᠯᠲᠡ ᠵᠡᠷᠭᠡ ᠶᠢ ᠨᠠᠷᠢᠨ ᠲᠠᠨᠢᠯᠴᠠᠭᠤᠯᠤᠭᠰᠠᠨ 2000 ᠦᠰᠦᠭ ᠤᠨ ᠤᠷᠴᠢᠮ ᠲᠠᠢ  ᠡᠷᠡᠮᠡᠯᠵᠡᠯ ᠤᠨ ᠮᠠᠲ᠋ᠧᠷᠢᠶᠠᠯ ᠢ ᠪᠢᠴᠢᠵᠦ ᠲᠤᠰᠢᠶᠠᠨ᠎ᠠ᠃ ᠠᠶᠢᠮᠠᠭ ᠱᠠᠳᠤ ᠵᠢᠴᠢ ᠲᠡᠭᠦᠨ ᠠᠴᠠ ᠳᠡᠭᠡᠭᠰᠢᠬᠢ ᠱᠠᠳᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠪᠤᠶᠤ ᠲᠠᠶᠢᠹᠤᠰᠧ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠳᠤ ᠤᠷᠤᠯᠴᠠᠭᠠᠳ ᠱᠠᠩᠨᠠᠯ ᠭᠥᠷᠳᠡᠭᠰᠡᠨ ᠲᠥᠷᠥᠯ ᠵᠦᠢᠯ  ᠢ ᠲᠠᠬᠢᠭᠠᠳ ᠡᠷᠡᠮᠡᠯᠵᠡᠯᠡᠨ ᠮᠡᠳᠡᠬᠦᠯᠵᠦ ᠪᠤᠯᠬᠤ ᠦᠬᠡᠢ᠃ ︽ ᠡᠷᠡᠮᠡᠯᠵᠡᠯ ᠤᠨ ᠬᠦᠰᠦᠨᠦᠭᠲᠦ︾ ᠪᠠ ᠮᠠᠲ᠋ᠧᠷᠢᠶᠠᠯ ︵PDF ᠪᠠ word ᠬᠡᠪᠯᠡᠯ︶  ᠢ ᠡᠷᠬᠡᠪᠰᠢ 2024 ᠣᠨ ᠤ 10 ᠰᠠᠷ᠎ᠠ ᠶᠢᠨ 15 ᠤ ᠡᠳᠦᠷ ᠠᠴᠠ ᠡᠮᠦᠨ᠎ᠡ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠤ ᠮᠡᠳᠡᠭᠦᠯᠦᠨ ᠬᠦᠷᠭᠡᠬᠦ ᠬᠡᠷᠡᠭᠲᠡᠢ᠂ ᠬᠤᠭᠤᠴᠠᠭ᠎ᠠ ᠬᠡᠳᠦᠷᠡᠪᠡᠯ ᠭᠥᠯᠢᠶᠡᠨ ᠠᠪᠬᠤ ᠦᠭᠡᠢ  ︵ᠬᠠᠷᠢᠯᠴᠠᠬᠤ ᠬᠥᠮᠥᠨ᠄ ᠸᠠᠩ ᠵᠢᠩ ᠰᠢᠤᠢ᠂ ᠬᠠᠷᠢᠯᠴᠠᠬᠤ ᠤᠲᠠᠰᠤ᠄ 5238269᠂  ᠢᠮᠧᠯ ᠢᠯᠡᠬᠡᠬᠦ ᠬᠠᠶ᠋ᠢᠭ᠄  tpsqxsdzx@163.com︶᠃    ᠬᠤᠶᠠᠷ᠂ ᠠᠩᠬᠠᠨ ᠤ ᠬᠢᠨᠠᠯᠲᠠ ︵10  ᠰᠠᠷ᠎ᠠ ᠶᠢᠨ 19 ᠤ ᠡᠳᠦᠷ ᠪᠣᠯᠲᠠᠯ᠎ᠠ︶᠃  ᠡᠷᠡᠮᠡᠯᠵᠡᠯᠡᠨ ᠮᠡᠳᠡᠭᠦᠯᠦᠭᠰᠡᠨ ᠲᠥᠷᠥᠯ ᠵᠦᠢᠯ ᠳᠤ ᠠᠩᠬᠠᠨ ᠤ ᠬᠢᠨᠠᠯᠲᠠ ᠬᠢᠵᠦ᠂ ᠰᠢᠢᠳᠪᠦᠷᠢᠲᠦ ᠤᠷᠤᠯᠳᠤᠭᠠᠨ ᠳᠤ ᠤᠷᠤᠭᠰᠠᠨ ᠲᠥᠷᠥᠯ ᠵᠦᠢᠯ ᠢ  ᠲᠤᠭᠳᠠᠭᠠᠨ ᠨᠡᠶᠢᠳᠡᠯᠡᠨ᠎ᠡ᠃    ᠭᠤᠷᠪᠠ᠂ ᠰᠢᠢᠳᠪᠦᠷᠢᠲᠦ ᠤᠷᠤᠯᠳᠤᠭᠠᠨ ︵10 ᠰᠠᠷ᠎ᠠ ᠶᠢᠨ ᠰᠡᠭᠦᠯᠴᠢ︶  ᠃ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠲᠥᠷᠥᠯ ᠵᠦᠢᠯ ᠢ ᠲᠡᠯᠬᠡᠨ ᠦᠵᠡᠬᠦᠯᠬᠦ ᠪᠠ ᠠᠰᠠᠭᠤᠵᠤ ᠬᠠᠷᠢᠭᠤᠯᠬᠤ ᠬᠡᠯᠪᠡᠷᠢ ᠪᠠᠷ ᠤᠯᠠᠨ ᠳᠤ ᠬᠠᠷᠠᠭᠤᠯᠵᠤ᠂ ᠬᠠᠮᠤᠭ ᠡᠴᠦᠰ ᠲᠤ ᠱᠠᠩᠨᠠᠯ ᠬᠦᠷᠳᠡᠬᠦ ᠲᠥᠷᠥᠯ ᠵᠦᠢᠯ ᠢ ᠰᠢᠯᠭᠠᠷᠠᠭᠤᠯᠤᠨ᠎ᠠ᠃   ᠲᠦᠷᠪᠡ᠂ ᠬᠢᠨᠠᠨ ᠰᠢᠯᠭᠠᠬᠤ᠃ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠨᠦᠭᠦᠳ ᠨᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠯᠲᠠ ᠪᠠᠶᠢᠴᠠᠭᠠᠯᠳᠠ ᠶᠢ ᠤᠬᠠᠮᠰᠠᠷ ᠠᠴᠠ ᠪᠠᠨ ᠬᠦᠯᠢᠶᠡᠬᠦ ᠶᠢᠨ ᠬᠠᠮᠲᠤ ᠲᠥᠷᠥᠯ ᠵᠦᠢᠯ ᠤᠨ ᠮᠡᠳᠡᠭᠡ ᠵᠠᠩᠭᠢ ᠶᠢ ᠬᠦᠷᠭᠡᠬᠦ ᠪᠠ ᠳ᠋ᠦᠩᠨᠡᠬᠦ ᠠᠵᠢᠯ ᠢ ᠰᠠᠶᠢᠨ ᠬᠢᠬᠦ ᠬᠡᠷᠡᠭᠲᠡᠶ᠃ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠲᠥᠷᠥᠯ ᠵᠦᠢᠯ ᠢ ᠬᠢᠨᠠᠨ ᠰᠢᠯᠭᠠᠵᠤ᠂ ᠪᠠᠷᠢᠮᠵᠢᠶ᠎ᠠ ᠳᠤ ᠬᠦᠷᠦᠭᠰᠡᠨ ᠥᠬᠡᠶ ᠪᠤᠶᠤ ᠪᠠᠷᠢᠮᠵᠢᠶ᠎ᠠ ᠳᠤ ᠬᠦᠷᠦᠭᠰᠡᠨ ᠪᠣᠯᠪᠠᠴᠤ ᠲᠥᠯᠥᠪᠯᠡᠭᠡ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠭᠰᠡᠨ ᠥᠬᠡᠶ ᠲᠥᠷᠥᠯ ᠵᠦᠢᠯ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠵᠤᠬᠢᠷᠠᠮᠵᠢᠳᠠᠢ ᠰᠢᠢᠳᠪᠦᠷᠢᠯᠡᠨ᠎ᠡ᠃       ᠤᠷᠤᠯᠳᠤᠭᠠᠨ ᠤ ᠱᠠᠭᠠᠷᠳᠠᠯᠭ᠎ᠠ᠄   ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠨᠠᠷᠢᠨ ᠬᠢᠨᠠᠮᠠᠭᠠᠶ ᠪᠡᠯᠡᠳᠭᠡᠨ᠎ᠡ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠥᠬᠦᠶ ᠨᠢᠭᠡᠴᠡ᠂ ᠡᠯ᠎ᠡ ᠨᠡᠶᠢᠭᠡᠮ ᠤᠨ ᠪᠦᠯᠬᠦᠮ ᠤᠳ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠲᠥᠷᠥᠯ ᠵᠦᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠲᠦᠰᠦᠪᠯᠡᠨ ᠥᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠪᠣᠯᠪᠠᠰᠤᠨ ᠨᠢᠭᠡᠴᠡ ᠨᠦᠭᠦᠳ ᠨᠢ ᠵᠢᠱᠢᠶ᠎ᠡ ᠲᠠᠭᠤᠷᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ ᠰᠠᠯᠪᠤᠷᠢ᠂ ᠥᠷᠲᠡᠭᠡ︶  ᠯᠤᠭ᠎ᠠ ᠢᠳᠡᠪᠬᠢᠳᠡᠢ ᠬᠠᠮᠵᠢᠯᠴᠠᠨ  ᠂ ᠲᠥᠷᠥᠯ ᠵᠦᠢᠯ ᠢ ᠤᠬᠠᠭᠠᠯᠠᠨ ᠰᠡᠳᠦᠵᠦ ᠦᠷᠨᠢᠬᠦᠯᠬᠦ ᠭᠡᠷᠡᠭᠳᠡᠢ᠃   ᠬᠤᠶᠠᠷ ᠲᠤ᠂ ᠥᠷᠭᠡᠨ ᠭᠡᠪᠴᠢᠶ᠎ᠡ ᠪᠠᠷ ᠣᠷᠣᠯᠴᠠᠵᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠥᠬᠦᠶ ᠨᠢᠭᠡᠴᠡ᠂ ᠡᠯ᠎ᠡ ᠨᠡᠶᠢᠭᠡᠮ ᠤᠨ ᠪᠦᠯᠬᠦᠮ ᠤᠳ ᠨᠢ ᠢᠳᠡᠪᠬᠢᠲᠡᠶ ᠪᠠᠷ ᠤᠷᠤᠯᠳᠤᠭᠠᠨ ᠳᠤ ᠣᠷᠣᠯᠴᠠᠵᠤ᠂ ᠠᠵᠢᠯᠯᠠᠭᠠᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠤ ᠱᠠᠭᠠᠷᠳᠠᠯᠭ᠎ᠠ  ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ᠂ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠨᠠᠷᠢᠨ ᠬᠢᠨᠠᠮᠠᠭᠠᠶ ᠤᠬᠠᠭᠠᠯᠠᠨ ᠲᠦᠰᠦᠪᠯᠡᠵᠦ᠂ ᠤᠷᠤᠯᠳᠤᠭᠠᠨ ᠳᠤ ᠣᠷᠣᠯᠴᠠᠬᠤ ᠲᠥᠷᠥᠯ ᠵᠦᠢᠯ ᠤᠨ ᠣᠯᠠᠨ ᠲᠦᠮᠡᠨ ᠲᠠᠢ ᠣᠶᠢᠷᠠᠲᠤᠭᠰᠠᠨ᠂ ᠦᠷ᠎ᠡ ᠪᠦᠲᠦᠮᠵᠢ ᠪᠠᠷ ᠦᠨᠳᠦᠷ ᠪᠠᠶᠢᠬᠤ ᠶᠢ ᠪᠠᠲᠤᠯᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠨᠢ ᠠᠳᠠᠭ ᠲᠠᠭᠠᠨ 1 ᠲᠥᠷᠥᠯ ᠵᠦᠢᠯ ᠢ ᠮᠡᠳᠡᠬᠦᠯᠵᠦ᠂ ᠡᠯ᠎ᠡ ᠪᠠᠶᠢᠭᠤᠯᠭ᠎ᠠ ᠨᠢᠬᠡᠴᠡ᠂ ᠨᠡᠶᠢᠭᠡᠮ ᠤᠨ ᠪᠦᠯᠬᠦᠮ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠨᠢ ᠰᠠᠶᠢᠨ ᠳᠤᠷ᠎ᠠ ᠠᠴᠠ ᠪᠠᠨ ᠮᠡᠳᠡᠬᠦᠯᠦᠨ᠎ᠡ᠃    ︵ᠭᠤᠷᠪᠠ︶ ᠣᠬᠠᠭᠤᠯᠭ᠎ᠠ ᠶᠢ ᠴᠢᠩᠭᠠᠳᠬᠠᠵᠣ᠂ ᠠᠭᠤᠷ ᠠᠮᠢᠰᠬᠤᠯ ᠢ ᠡᠬᠦᠳᠦᠨ᠎ᠡ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠰᠢᠯᠢᠳᠡᠭ ᠲᠥᠷᠥᠯ ᠵᠦᠢᠯ ᠢ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠵᠤ᠂ ᠪᠣᠯᠪᠠᠰᠤᠨ ᠤ ᠦᠢᠯᠡᠳᠦᠯᠭᠡ ᠶᠢᠨ ᠠᠪᠴᠢᠷᠠᠭᠰᠠᠨ ᠰᠢᠨ᠎ᠡ ᠳᠦᠷᠰᠦ ᠪᠠᠶᠢᠳᠠᠯ ᠰᠢᠨ᠎ᠡ ᠦᠷ᠎ᠡ ᠪᠦᠲᠦᠮᠵᠢ ᠶᠢ ᠠᠮᠢᠳᠤᠯᠢᠭ ᠢᠶᠠᠷ ᠲᠤᠰᠬᠠᠨ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠨᠠᠩ ᠣᠯᠠᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠲᠠᠶᠢᠴᠢᠯᠠᠵᠤ ᠤᠷᠤᠯᠳᠤᠭᠠᠨ ᠳᠤ ᠤᠷᠤᠯᠴᠠᠭᠤᠯᠤᠨ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠦᠨᠵᠡᠭᠡᠶ ᠥᠷᠨᠢᠬᠦ ᠶᠢ ᠬᠥᠲᠥᠯᠦᠨ ᠵᠢᠯᠣᠭᠤᠳᠬᠤ ᠬᠡᠷᠡᠭᠲᠡᠶ᠃      ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ    ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠠᠯᠪᠠᠨ ᠭᠡᠷ    ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ                    2024 ᠣᠨ ᠤ 9 ᠰᠠᠷ᠎ᠠ ᠶᠢᠨ 26 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号