ᠲᠦᠷᠭᠡᠨ ᠬᠦᠷᠭᠡᠯᠳᠡ ᠨᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠢ ᠲᠠᠷᠬᠠᠭᠠᠨ᠎ᠠ ᠦᠦ︖ | ᠲᠦᠷᠭᠡᠨ ᠬᠦᠷᠭᠡᠯᠳᠡ ᠶᠢᠨ ᠪᠤᠭᠤᠳᠠᠯ ᠢ ᠠᠪᠬᠤ ᠳᠤ ᠶᠠᠮᠠᠷ ᠠᠩᠬᠠᠷᠬᠤ ᠵᠦᠢᠯ ᠪᠠᠶᠢᠬᠤ ᠪᠤᠢ︖ | ᠤᠳᠤᠬᠠᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠲᠤᠬᠠᠢ ᠳᠠᠨᠢᠨ ᠮᠡᠳᠡᠭᠰᠡᠨ ᠢ ᠦᠨᠳᠦᠰᠦᠯᠡᠪᠡᠯ᠂ | ᠲᠡᠭᠦᠨ ᠤ ᠭᠤᠤᠯ ᠬᠠᠯᠳᠠᠪᠤᠷᠢᠯᠠᠬᠤ ᠠᠷᠭ᠎ᠠ ᠵᠠᠮ ᠨᠢ ᠠᠮᠢᠰᠬᠤᠯ ᠤᠨ ᠵᠠᠮ ᠤᠨ ᠦᠰᠦᠷᠳᠡᠰᠦ ᠪᠠ ᠬᠦᠷᠦᠯᠴᠡᠬᠦ ᠠᠴᠠ | ᠲᠠᠷᠬᠠᠳᠠᠭ᠃ ᠶᠡᠷᠦ ᠶᠢᠨ ᠪᠠᠶᠢᠳᠠᠯ ᠲᠤᠤᠷ᠎ᠠ᠂ ᠲᠦᠷᠭᠡᠨ ᠬᠦᠷᠭᠡᠯᠳᠡ ᠶᠢᠨ ᠪᠤᠭᠤᠳᠠᠯ ᠢ ᠲᠡᠭᠡᠭᠡᠪᠤᠷᠢᠯᠡᠬᠦ ᠶᠠᠪᠤᠴᠠ ᠳᠤ | ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠲᠤ ᠪᠤᠬᠢᠷᠳᠤᠭᠳᠠᠬᠤ ᠪᠤᠯᠤᠯᠴᠠᠭ᠎ᠠ ᠪᠠᠭ᠎ᠠ ᠪᠠᠶᠢᠳᠠᠭ᠃ | ᠤᠳᠤᠬᠠᠨ ᠳᠤ ᠲᠦᠷᠭᠡᠨ ᠬᠦᠷᠭᠡᠯᠳᠡ ᠶᠢ ᠬᠦᠯᠢᠶᠡᠨ ᠠᠪᠤᠭᠰᠠᠨ ᠠᠴᠠ ᠪᠤᠯᠵᠤ ᠰᠢᠨ᠎ᠠ ᠲᠢᠳᠢᠮᠯᠢᠭ ᠠᠭᠤᠰᠬᠢᠨ | ᠦᠷᠪᠢᠰᠦᠯ ᠬᠠᠯᠳᠠᠪᠤᠷᠢᠯᠠᠭᠰᠠᠨ ᠲᠤᠬᠠᠢ ᠮᠡᠳᠡᠭᠡᠯᠡᠯ ᠬᠠᠷᠠᠬᠠᠨ ᠭᠠᠷᠤᠭ᠎ᠠ ᠦᠭᠡᠢ᠃ ᠰᠢᠨ᠎ᠠ ᠲᠢᠳᠢᠮᠯᠢᠭ ᠠᠭᠤᠰᠬᠢᠨ | ᠦᠷᠪᠢᠰᠦᠯ ᠤᠨ ᠲᠠᠷᠬᠠᠭᠰᠠᠨ ᠭᠠᠵᠠᠷ ᠤᠷᠤᠨ ᠳᠤ᠂ ᠬᠦᠷᠦᠯᠴᠡᠵᠦ ᠲᠠᠷᠬᠠᠬᠤ ᠠᠶᠤᠯ ᠲᠦᠭᠰᠢᠭᠦᠷᠢ ᠠᠴᠠ | ᠵᠠᠶᠢᠯᠠᠰᠬᠢᠬᠦ ᠶᠢᠨ ᠲᠤᠰᠠᠳᠠ ᠲᠤᠤᠷᠠᠬᠢ ᠮᠡᠳᠦ ᠰᠡᠷᠭᠡᠶᠢᠯᠡᠬᠦ ᠠᠷᠭ᠎ᠠ ᠬᠡᠮᠵᠢᠶ᠎ᠠ ᠠᠪᠤᠪᠠᠯ ᠵᠤᠬᠢᠨ᠎ᠠ᠃ | 1. ᠲᠦᠷᠭᠡᠨ ᠬᠦᠷᠭᠡᠭᠴᠢ ᠠᠴᠠ ᠲᠦᠷᠭᠡᠨ ᠬᠦᠷᠭᠡᠯᠳᠡ ᠶᠢᠨ ᠪᠤᠭᠤᠳᠠᠯ ᠢ ᠰᠢᠢᠳᠪᠦᠷᠢᠯᠡᠬᠦ ᠪᠠ ᠲᠡᠭᠡᠭᠡᠪᠦᠷᠢᠯᠡᠨ | ᠬᠦᠷᠭᠡᠬᠦ ᠪᠦᠬᠦ ᠶᠠᠪᠤᠴᠠ ᠳᠤ ᠠᠮᠠᠪᠴᠢ ᠪᠠ ᠪᠡᠭᠡᠯᠡᠢ ᠪᠠᠨ ᠰᠠᠶᠢᠳᠤᠷ ᠵᠡᠭᠦᠭᠦ ᠬᠡᠷᠡᠭᠳᠡᠢ᠂ ᠪᠤᠭᠤᠳᠠᠯ ᠢ ᠠᠷᠢᠭᠤᠨ ᠴᠡᠪᠡᠷ | ᠪᠠᠶᠢᠯᠭᠠᠬᠤ ᠶᠢ ᠠᠩᠬᠠᠷᠴᠤ᠂ ᠢᠯᠠᠩᠭᠤᠶ᠎ᠠ ᠪᠤᠭᠤᠳᠠᠯ ᠢ ᠰᠢᠢᠳᠪᠦᠷᠢᠯᠡᠬᠦ ᠪᠠ ᠲᠡᠭᠡᠭᠡᠪᠦᠷᠢᠯᠡᠬᠦ ᠶᠠᠪᠤᠴᠠ ᠳᠤ | ᠬᠦᠮᠦᠰ ᠤᠨ ᠠᠮᠢᠰᠬᠤᠯ ᠤᠨ ᠵᠠᠮ ᠤᠨ ᠰᠢᠭᠦᠷᠡᠭᠦᠯᠬᠦ ᠪᠤᠳᠠᠰ ᠦᠩᠭᠡᠨ ᠲᠠᠯ᠎ᠠ ᠶᠢ ᠪᠤᠬᠢᠷᠳᠤᠭᠤᠯᠬᠤ ᠠᠴᠠ ᠵᠠᠶᠢᠯᠠᠰᠬᠢᠬᠦ | ᠬᠡᠷᠡᠭᠳᠡᠢ᠃ | 2. ᠲᠦᠷᠭᠡᠨ ᠬᠦᠷᠭᠡᠯᠳᠡ ᠶᠢ ᠲᠤᠰᠬᠤ ᠦᠶᠡᠰ᠂ ᠲᠦᠷᠭᠡᠨ ᠬᠦᠷᠭᠡᠭᠴᠢ ᠲᠠᠢ ᠬᠦᠷᠦᠯᠴᠡᠬᠦ ᠠᠴᠠ ᠡᠮᠦᠨ᠎ᠠ | ᠠᠮᠠᠪᠴᠢ ᠪᠠ ᠪᠡᠭᠡᠯᠡᠢ ᠵᠡᠭᠦᠪᠡᠯ ᠬᠠᠮᠤᠭ ᠰᠠᠶᠢᠨ᠃ ᠪᠤᠭᠤᠳᠠᠯ ᠢᠶᠠᠨ ᠰᠢᠢᠳᠪᠦᠷᠢᠯᠡᠵᠦ ᠪᠠᠷᠠᠭᠰᠠᠨ ᠤ ᠲᠠᠷᠠᠭ᠎ᠠ᠂ | ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ ᠠᠷᠢᠭᠤᠳᠬᠠᠬᠤ ᠰᠢᠩᠭᠡᠨ ᠪᠤᠶᠤ ᠭᠤᠭᠤᠵᠢᠭᠤᠷ | ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃ | 3. ᠰᠠᠭᠤᠭᠠᠯᠢ ᠲᠤᠭᠤᠷᠢᠭ ᠤᠨ ᠢᠶᠠᠨ ᠡᠭᠦᠳᠡᠨ ᠠᠴᠠ ᠲᠦᠷᠭᠡᠨ ᠬᠦᠷᠭᠡᠯᠳᠡ ᠶᠢ ᠲᠤᠰᠬᠤ ᠦᠶᠡᠰ᠂ | ᠭᠡᠷ ᠠᠴᠠ ᠪᠠᠨ ᠭᠠᠷᠬᠤ ᠠᠴᠠ ᠡᠮᠦᠨ᠎ᠠ ᠠᠮᠠᠪᠴᠢ ᠪᠤᠯᠤᠨ ᠪᠡᠭᠡᠯᠡᠢ ᠪᠠᠨ ᠵᠡᠭᠦᠵᠦ᠂ ᠬᠦᠮᠦᠨ ᠤ ᠴᠤᠭᠯᠠᠭᠠᠨ ᠠᠴᠠ | ᠵᠠᠶᠢᠯᠠᠰᠬᠢᠨ᠎ᠠ᠃ ᠪᠤᠭᠤᠳᠠᠯ ᠢᠶᠠᠨ ᠰᠢᠢᠳᠪᠦᠷᠢᠯᠡᠵᠦ ᠲᠠᠭᠤᠰᠤᠭᠰᠠᠨ ᠤ ᠲᠠᠷᠠᠭ᠎ᠠ ᠪᠡᠭᠡᠯᠡᠢ ᠪᠠᠨ ᠴᠠᠭ ᠲᠤᠬᠠᠢ ᠳᠤᠨᠢ | ᠠᠪᠴᠤ ᠬᠠᠶᠠᠬᠤ ᠶᠢᠨ ᠬᠠᠮᠳᠤ ᠠᠷᠢᠭᠤᠳᠬᠠᠬᠤ ᠰᠢᠩᠭᠡᠨ ᠪᠤᠶᠤ ᠭᠤᠭᠤᠵᠢᠭᠤᠷ ᠤᠰᠤ ᠪᠠᠷ ᠭᠠᠷ ᠢᠶᠠᠨ ᠤᠬᠢᠶᠠᠬᠤ | ᠬᠡᠷᠡᠭᠳᠡᠢ᠃ | 4. ᠨᠦᠭᠦᠴᠡᠯ ᠲᠠᠢ ᠭᠠᠵᠠᠷ ᠤᠷᠤᠨ ᠨᠢ ᠲᠦᠷᠭᠡᠨ ᠬᠦᠷᠭᠡᠭᠴᠢ ᠪᠠᠷ ᠡᠳ᠋ ᠪᠠᠷᠠᠭ᠎ᠠ ᠪᠠᠨ ᠲᠦᠷᠭᠡᠨ | ᠬᠦᠷᠭᠡᠯᠳᠡ ᠶᠢᠨ ᠬᠤᠷᠭᠤ ᠳᠤ ᠬᠠᠳᠠᠭᠠᠯᠠᠭᠤᠯᠵᠤ᠂ ᠪᠠᠷᠠᠭ᠎ᠠ ᠭᠠᠷᠭᠠᠨ ᠠᠪᠤᠭᠴᠢ ᠨᠢ ᠭᠠᠳᠠᠭᠰᠢ ᠭᠠᠷᠴᠤ ᠲᠦᠷᠭᠡᠨ | ᠬᠦᠷᠭᠡᠯᠳᠡ ᠶᠢ ᠠᠪᠬᠤ ᠠᠴᠠ ᠡᠮᠦᠨ᠎ᠠ ᠠᠮᠠᠪᠴᠢ ᠪᠤᠯᠤᠨ ᠪᠡᠭᠡᠯᠡᠢ ᠵᠡᠭᠦᠬᠦ ᠬᠡᠷᠡᠭᠳᠡᠢ᠃ ᠪᠤᠭᠤᠳᠠᠯ ᠢᠶᠠᠨ | ᠰᠢᠢᠳᠪᠦᠷᠢᠯᠡᠵᠦ ᠪᠠᠷᠠᠭᠰᠠᠨ ᠤ ᠲᠠᠷᠠᠭ᠎ᠠ᠂ ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ | ᠠᠷᠢᠭᠤᠳᠬᠠᠬᠤ ᠰᠢᠩᠭᠡᠨ ᠪᠤᠶᠤ ᠭᠤᠭᠤᠵᠢᠭᠤᠷ ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃ | 5. ᠲᠦᠷᠭᠡᠨ ᠬᠦᠷᠭᠡᠯᠳᠡ ᠶᠢᠨ ᠭᠠᠳᠠᠷ ᠪᠤᠭᠤᠳᠠᠯ ᠢ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ | ᠱᠠᠭᠠᠷᠳᠠᠯᠭ᠎ᠠ ᠶᠤᠰᠤᠭᠠᠷ ᠴᠠᠭ ᠲᠤᠬᠠᠢ ᠳᠤᠨᠢ ᠲᠤᠬᠢᠳᠠᠢ ᠰᠢᠢᠳᠪᠦᠷᠢᠯᠡᠬᠦ ᠬᠡᠷᠡᠭᠳᠡᠢ᠃ |