ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  —  ᠶᠦᠩ ᠹᠧᠩ ᠪᠠᠯᠭᠠᠰᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/1
   ᠶᠦᠩ ᠹᠧᠩ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠠᠵᠢᠯ ᠤᠨ ᠭᠤᠣᠯ ᠰᠢᠵᠢᠮ ᠪᠤᠯᠭᠠᠨ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ  ᠪᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠤᠨ ᠤᠯᠠᠨ ᠲᠦᠮᠡᠨᠴᠢ ᠴᠢᠨᠠᠷᠲᠠᠢ ᠰᠢᠷᠢᠰ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯᠯᠠᠭᠠᠨ ᠤ ᠠᠷᠭ᠎ᠠ ᠲᠦᠰᠦᠪ ᠢ ᠨᠠᠷᠢᠯᠢᠭ ᠲᠣᠭᠲᠠᠭᠠᠨ᠂ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ ᠬᠤᠪᠢᠶᠠᠷᠢᠯᠠᠭᠰᠠᠨ ᠪᠦᠭᠡᠳ ᠲᠤᠰᠬᠠᠶ ᠰᠡᠳᠦᠪᠲᠦ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠲᠤᠬᠠᠶ ᠳᠡᠭᠡᠳᠦ ᠱᠠᠲᠤᠨ ᠤ ᠱᠠᠭᠠᠷᠳᠠᠯᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠠᠢ᠃  ᠲᠠᠷᠠᠭ᠎ᠠ ᠳᠤᠨᠢ ᠤᠯᠠᠨ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠠᠩᠬᠢ ᠨᠢ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ᠂  ᠠᠶᠢᠯ ᠲᠣᠰᠬᠤᠨ ᠳᠤ ᠭᠦᠨᠵᠡᠭᠡᠶᠢᠷᠡᠨ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠵᠡᠷᠭᠡ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠪᠣᠯ ᠤᠯᠤᠰ ᠤᠨ ᠲᠣᠭᠲᠠᠭᠤᠨ ᠪᠠ ᠬᠥᠭᠵᠢᠯᠲᠡ ᠶᠢᠨ ᠰᠠᠭᠤᠷᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠭᠡᠳᠡᠭ ᠢ ᠭᠦᠨᠵᠡᠭᠡᠢ ᠲᠠᠨᠢᠭᠤᠯᠤᠭᠰᠠᠨ ᠪᠠᠶᠢᠨ᠎ᠠ᠃ ᠠᠵᠤ ᠠᠬᠤᠶᠢᠯᠠᠯ ᠳᠤ᠂ ᠠᠵᠢᠯᠲᠠᠳ ᠢ ᠵᠤᠬᠢᠶᠠᠨ ᠪᠠᠶᠢᠭᠤᠯᠵᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠰᠤᠷᠤᠯᠴᠠᠭᠤᠯᠤᠨ᠂ ᠡᠯ᠎ᠡ ᠦᠨᠳᠦᠰᠦᠲᠡᠨ ᠤ ᠠᠵᠢᠯᠲᠠᠳ ᠤᠨ ᠬᠤᠭᠤᠷᠣᠨᠳᠣᠬᠢ ᠰᠣᠯᠢᠯᠴᠠᠭ᠎ᠠ ᠬᠠᠮᠵᠢᠯᠴᠠᠭ᠎ᠠ ᠶᠢ ᠠᠬᠢᠭᠤᠯᠵᠤ᠂ ᠠᠶᠢᠯ ᠲᠣᠰᠬᠤᠨ ᠳᠤ᠂ ᠬᠦᠳᠡᠯᠪᠦᠷᠢ ᠶᠢᠨ ᠲᠠᠯᠠᠪᠠᠢ ᠶᠢ ᠠᠰᠢᠭᠯᠠᠨ ᠤᠬᠠᠭᠤᠯᠭ᠎ᠠ ᠲᠠᠶᠢᠯᠤᠮᠵᠢ ᠬᠢᠵᠦ᠂ ᠦᠨᠳᠦᠰᠦᠲᠡᠨ ᠤ ᠪᠦᠯᠬᠦᠮᠳᠡᠯ ᠤᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠭᠰᠠᠨ ᠪᠦᠭᠡᠳ ᠪᠠᠯᠭᠠᠰᠤᠨ ᠤ ᠵᠡᠭᠡᠯᠢ ᠭᠤᠳᠤᠮᠵᠢ᠂ ᠲᠠᠯᠠᠪᠠᠶ ᠴᠡᠴᠡᠷᠯᠢᠭ ᠲᠤ ᠤᠬᠠᠭᠤᠯᠭ᠎ᠠ ᠶᠢᠨ ᠤᠷᠢᠶ᠎ᠠ ᠡᠯᠬᠦᠬᠦ  ᠂ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠪᠠᠷ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠸᠢᠴᠠᠲ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠤᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠶᠢᠨ ᠲᠤᠰᠬᠠᠶ ᠪᠤᠯᠤᠩ ᠭᠠᠷᠭᠠᠵᠤ᠂  ᠠᠵᠢᠯᠯᠠᠭᠠᠨ ᠤ ᠬᠦᠳᠡᠯᠦᠯ ᠪᠠᠶᠢᠳᠠᠯ᠂ ᠲᠡᠷᠢᠭᠦᠨ ᠤ ᠦᠢᠯᠡ ᠠᠵᠢᠯᠯᠠᠭ᠎ᠠ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠵᠡᠷᠭᠡ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠯᠡᠨ᠂ ᠥᠷᠭᠡᠨ ᠣᠯᠠᠨ ᠺᠠᠳ᠋ᠷ ᠣᠯᠠᠨ ᠲᠦᠮᠡᠨ ᠳᠤ  ᠠᠵᠢᠯᠯᠠᠭᠠᠨ ᠤ ᠠᠬᠢᠴᠠ ᠶᠢ ᠴᠠᠭ ᠲᠤᠬᠠᠶ ᠳᠤᠨᠢ ᠮᠡᠳᠡᠭᠳᠡᠬᠦ ᠶᠢᠨ ᠬᠠᠮᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠠ ᠦᠭᠡ ᠦᠯᠡᠳᠡᠭᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠺᠠᠳ᠋ᠷ ᠣᠯᠠᠨ ᠲᠦᠮᠡᠨ ᠤ ᠣᠷᠣᠯᠴᠠᠬᠤ ᠢᠳᠡᠪᠬᠢᠵᠢᠯ ᠢ ᠲᠠᠶᠢᠴᠢᠯᠠᠵᠠᠢ᠃ ᠡᠨᠡ ᠬᠤᠭᠤᠴᠠᠭᠠᠨ ᠳᠤ ᠪᠠᠰᠠ ᠡᠷᠬᠢᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠡᠯ᠎ᠡ ᠲᠣᠰᠬᠤᠨ ᠳᠤ ᠭᠦᠨᠵᠡᠭᠡᠶᠢᠷᠡᠨ᠂ ᠴᠥᠭᠡᠨ ᠲᠣᠭᠠᠲᠤ ᠦᠨᠳᠦᠰᠦᠲᠡᠨ ᠤ ᠬᠦᠴᠢᠷᠳᠡᠯᠲᠡᠶ ᠬᠡᠷ ᠪᠦᠯᠢ᠂ ᠥᠨᠥᠴᠢᠨ ᠬᠡᠦᠭᠡᠳ᠂ ᠪᠡᠯᠪᠡᠰᠦᠨ ᠨᠠᠰᠤᠲᠠᠨ᠂ ᠵᠡᠮᠳᠡᠭ ᠬᠦᠮᠦᠰ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠵᠤ᠂ ᠲᠡᠳᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ ᠦᠭᠬᠦᠭᠰᠡᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号