ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  — ᠲᠠᠶᠢᠹᠤᠰᠧ ᠬᠤᠰᠢᠭᠤᠨ ᠤ  ᠬᠢᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/10/1
  ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠤᠯᠭᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ 8 ᠰᠠᠷ᠎ᠠ ᠶᠢᠨ 30 ᠤ ᠡᠳᠦᠷ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ ᠬᠦᠨᠪᠤᠯᠠᠭ ᠰᠤᠮᠤᠨ ᠳᠤ ᠬᠦᠨᠵᠡᠬᠡᠶᠢᠷᠡᠵᠦ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠤᠨᠤᠰᠴᠤ᠂ ᠨᠠᠮ ᠢᠶᠠᠨ ᠲᠠᠭᠠᠵᠤ ᠤᠷᠤᠭᠰᠢᠯᠠᠨ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠷ ᠦᠨᠳᠦᠰᠦᠳᠡᠨ ᠤ ᠪᠦᠯᠬᠦᠮᠳᠡᠯ ᠨᠢᠬᠳᠠᠷᠠᠯ ᠢ ᠠᠬᠢᠭᠤᠯᠬᠤ︾ ᠠᠵᠢᠯᠯᠠᠭ᠎ᠠ ᠥᠷᠨᠢᠭᠦᠯᠪᠡ᠃  ᠠᠬᠤᠢ ᠲᠠᠯᠠᠪᠠᠶ ᠳᠤ᠂  ᠠᠵᠢᠯᠳᠠᠳ ᠠᠴᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ  ᠪᠤᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠳᠠ ᠶᠢ ᠠᠬᠢᠭᠤᠯᠬᠤ ᠲᠦᠷᠢᠮ︾ ᠢ ᠤᠬᠠᠭᠤᠯᠤᠨ ᠲᠠᠶᠢᠯᠪᠤᠷᠢᠯᠠᠭᠠᠳ  ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠬᠠᠶ  ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠤᠯᠠᠮ ᠨᠡᠮᠡᠭᠳᠡᠬᠦᠯᠦᠭᠰᠡᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠲᠤᠬᠠᠶ  ᠣᠯᠠᠨ ᠲᠦᠮᠡᠨ ᠤ  ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠢ ᠵᠢᠯᠤᠭᠤᠳᠤᠨ᠂ ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠤᠨᠤᠰᠴᠤ᠂ ᠨᠠᠮ ᠢᠶᠠᠨ ᠲᠠᠭᠠᠵᠤ ᠤᠷᠤᠭᠰᠢᠯᠠᠨ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠪᠠᠳᠤᠯᠠᠭ᠎ᠠ ᠬᠠᠩᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号