ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  —  ᠲᠠᠶᠢᠹᠤᠰᠧ ᠬᠤᠰᠢᠭᠤ ︽ᠲᠡᠷᠭᠡᠳᠡ ᠡᠬᠦᠰᠦᠭᠰᠡᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠶᠠᠷᠢᠬᠤ︾  ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2024/10/1
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ︾ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠦᠨᠳᠦᠰᠦᠲᠡᠨ ᠤ ᠰᠤᠷᠤᠭᠴᠢᠳ ᠢ  ᠵᠢᠯᠤᠭᠤᠳᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ  ᠭᠡᠷᠡᠭᠯᠡᠬᠦᠯᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂  ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠬᠠᠮᠳᠤᠷᠠᠨ ︽ᠲᠡᠷᠭᠡᠳᠡ ᠡᠬᠦᠰᠦᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾  ᠬᠡᠮᠡᠬᠦ ᠭᠤᠤᠯ ᠰᠡᠳᠦᠪᠳᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠡᠷᠭᠢᠯᠡᠵᠦ᠂ 50 ᠭᠠᠷᠤᠶ ᠰᠣᠷᠣᠭᠴᠢ ᠪᠤᠶᠤ ᠬᠡᠷ ᠤᠨ ᠠᠬᠠᠮᠠᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃ ᠤᠷᠤᠯᠳᠤᠭᠠᠨ ᠳᠤ ᠤᠷᠤᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠡᠵᠡᠮᠳᠡᠨ᠂  ᠠᠮᠢᠳᠤᠷᠠᠯ ᠤᠨ ᠪᠣᠳᠠᠲᠤ ᠪᠠᠶᠢᠳᠠᠯ ᠪᠣᠯᠤᠨ ᠰᠤᠷᠤᠯᠴᠠᠯᠭ᠎ᠠ ᠶᠢᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ  ᠲᠡᠷᠭᠡᠳᠡ ᠡᠬᠦᠰᠦᠭᠰᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠶᠠᠷᠢᠵᠤ ᠬᠤᠪᠢᠶᠠᠯᠴᠠᠭᠠᠳ᠂  ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠡᠶ᠎ᠡ ᠵᠣᠬᠢᠴᠠᠩᠭᠤᠢ ᠪᠣᠯᠤᠨ ᠰᠠᠶᠢᠨ ᠰᠠᠶᠢᠬᠠᠨ ᠠᠬᠤᠢ ᠪᠠᠶᠢᠳᠠᠯ ᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ  ᠬᠠᠷᠠᠭᠤᠯᠤᠭᠰᠠᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号