ᠨᠡᠶᠢᠭᠡᠮ ᠤᠨ ᠠᠮᠤᠷ ᠲᠣᠭᠲᠠᠭᠤᠨ ᠤ ᠠᠵᠢᠯ ᠢ ᠰᠠᠶᠢᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠪᠠᠳᠤᠳᠬᠠᠨ᠂ ᠭᠤᠣᠯᠳᠠᠯᠭ᠎ᠠ ᠲᠠᠢ ᠬᠥᠮᠦᠰ ᠤᠨ ᠢ ᠲᠤᠳᠤᠷᠬᠠᠢ ᠡᠵᠡᠮᠰᠢᠵᠦ᠂ | ᠠᠮᠤᠷ ᠲᠣᠭᠲᠠᠭᠤᠨ ᠤᠨ ᠡᠵᠡᠮᠳᠡᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 9 | ᠰᠠᠷ᠎ᠠ ᠶᠢᠨ 30 ᠤ ᠡᠳᠦᠷ ᠪᠤᠤᠴᠠᠩ ᠪᠠᠯᠭᠠᠰᠤ 9 ᠳ᠋ᠤᠭᠡᠷ ᠰᠠᠷ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ | ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠶᠠᠩ ᠰᠢᠶᠤᠤ ᠬᠤᠢ᠂ ᠬᠠᠤᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ ᠭᠦᠸᠧ | ᠴᠢᠶᠠᠩ᠂ ᠨᠢᠭᠡᠳᠦᠭᠡᠷ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠵᠠᠩ ᠯᠢ ᠹᠸᠢ᠂ ᠬᠤᠶᠠᠳᠤᠭᠠᠷ ᠲᠣᠮᠢᠯᠠᠭᠰᠠᠨ | ᠰᠠᠯᠪᠤᠷᠢ ᠶᠢᠨ ᠳᠡᠳ᠋ ᠳᠠᠷᠤᠭ᠎ᠠ ᠴᠧᠨ ᠶᠠ ᠳ᠋ᠦᠩ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ | ᠡᠭᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠶᠠᠩ ᠰᠢᠶᠤᠤ ᠬᠤᠢ ᠠᠴᠠ ᠤᠯᠤᠰ ᠤᠨ | ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠪᠤᠯᠤᠨ ᠪᠠᠯᠭᠠᠰᠤᠨ ᠤ ᠡᠳᠦᠷ ᠲᠤᠲᠤᠮ ᠤᠨ ᠠᠮᠤᠷ ᠠᠮᠤᠭᠤᠯᠠᠩ ᠤᠨ | ᠪᠠᠶᠢᠭᠤᠯᠤᠯᠲᠠ ᠶᠢᠨ ᠠᠵᠢᠯ ᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠲᠤᠷᠠᠳᠴᠠᠢ᠂ ᠲᠤᠬᠠᠶᠢᠯᠠᠪᠠᠯ ᠨᠢᠬᠡ ᠳᠤ ᠡᠯ᠎ᠡ | ᠲᠣᠰᠬᠤᠨ᠂ ᠨᠡᠶᠢᠭᠡᠮ ᠲᠣᠭᠤᠷᠢᠭ ᠨᠢ ᠡᠷᠬᠡᠪᠰᠢ ᠬᠠᠷᠢᠶ᠎ᠠ ᠣᠷᠣᠨ ᠤ ᠪᠠᠨ ᠭᠤᠤᠯᠳᠠᠯᠭ᠎ᠠ ᠲᠠᠢ ᠬᠥᠮᠦᠰ ᠤᠨ ᠦᠵᠡᠯ | ᠰᠠᠨᠠᠭᠠᠨ ᠤ ᠪᠠᠶᠢᠳᠠᠯ ᠪᠠ ᠡᠳᠦᠷ ᠲᠤᠲᠤᠮ ᠤᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠡᠵᠡᠮᠳᠡᠯ | ᠬᠠᠮᠢᠶᠠᠷᠤᠯᠲᠠ ᠠᠯᠳᠠᠭᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠶᠠᠷ ᠲᠤ ᠡᠯ᠎ᠡ ᠲᠣᠰᠬᠤᠨ ᠨᠡᠶᠢᠭᠡᠮ | ᠲᠣᠭᠤᠷᠢᠭ ᠤᠨ ᠬᠢᠨ ᠠᠮᠠᠷᠠᠯᠲᠠ ᠶᠢᠨ ᠬᠤᠭᠤᠴᠠᠭᠠᠨ ᠳᠤ ᠨᠡᠶᠢᠭᠡᠮ ᠤᠨ ᠠᠮᠤᠷ ᠲᠣᠭᠲᠠᠭᠤᠨ ᠤ ᠪᠠᠶᠢᠳᠠᠯ ᠢ ᠡᠳᠦᠷ | ᠪᠦᠷᠢ ᠮᠡᠳᠡᠭᠦᠯᠦᠨ᠂ ᠡᠳᠦᠷ ᠲᠤᠲᠤᠮ ᠤᠨ ᠰᠡᠷᠭᠡᠶᠢᠯᠡᠯᠳᠡ ᠶᠢᠨ ᠠᠵᠢᠯ ᠢ ᠰᠠᠶᠢᠨ ᠬᠢᠵᠦ᠂ ᠠᠮᠤᠷ ᠲᠣᠭᠲᠠᠭᠤᠨ ᠤ | ᠡᠵᠡᠮᠳᠡᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠭᠠᠵᠢᠭᠤ ᠨᠣᠮᠯᠠᠯ ᠢ | ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠰᠠᠶᠢᠨ ᠬᠢᠵᠦ᠂ ᠰᠦᠯᠵᠢᠶᠡᠨ ᠳᠡᠭᠡᠷᠡᠬᠢ ᠵᠠᠭᠤᠴᠢᠯᠠᠭᠤᠷ ᠤᠨ ᠡᠬᠢ | ᠪᠠᠶᠠᠯᠢᠭ ᠢ ᠭᠦᠢᠴᠡᠳ ᠠᠰᠢᠭᠯᠠᠨ᠂ ᠤᠯᠠᠨ ᠠᠷᠭ᠎ᠠ ᠶᠢ ᠵᠡᠷᠭᠡ ᠪᠠᠷ ᠬᠡᠷᠡᠭᠯᠡᠨ ᠭᠠᠵᠢᠭᠤ ᠨᠣᠮᠯᠠᠯ ᠢ ᠡᠰᠡᠷᠭᠦᠴᠡᠬᠦ | ᠤᠬᠠᠭᠤᠯᠭ᠎ᠠ ᠶᠢᠨ ᠠᠵᠢᠯ ᠢ ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |