ᠪᠣᠤᠴᠠᠩ ᠪᠠᠯᠭᠠᠰᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2024/10/1
  ᠠᠷᠠᠳ ᠢᠷᠭᠡᠳ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠠᠷᠢᠯᠭᠠᠬᠤ ᠶᠢᠨ ᠲᠥᠯᠥᠭᠡ᠂ ᠪᠤᠤᠴᠠᠩ ᠪᠠᠯᠭᠠᠰᠤ 2024 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠡ᠃  ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠰᠢᠶᠤᠤ ᠬᠤᠶ᠂ ᠬᠠᠤᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ ᠭᠦᠸᠧ ᠴᠢᠶᠠᠩ᠂ ᠨᠢᠭᠡᠳᠦᠭᠡᠷ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠵᠠᠩ ᠯᠢ ᠹᠸᠢ᠂ ᠬᠤᠶᠠᠳᠤᠭᠠᠷ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠴᠧᠨ ᠶᠠ ᠳ᠋ᠦᠩ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃  ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠰᠢᠤᠢ ᠪᠦᠦ ᠲᠦᠩ ᠠᠴᠠ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠪᠠᠶᠢᠷᠢᠯᠠᠭᠤᠯᠵᠤ ᠪᠣᠳᠠᠲᠠᠶ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠤᠬᠠᠶᠢᠯᠠᠪᠠᠯ᠂ ᠨᠢᠬᠡ ᠳᠤ ᠡᠯ᠎ᠡ ᠲᠣᠰᠬᠤᠨ ᠤ ︽ᠬᠤᠶᠠᠷ ᠵᠥᠪᠯᠡᠯ︾ ᠪᠠ ᠣᠶ ᠰᠢᠭᠤᠶ ᠬᠠᠮᠠᠭᠠᠯᠠᠬᠤ ᠠᠵᠢᠯᠳᠠᠳ ᠦᠢᠯᠡᠳᠦᠯ ᠴᠢᠳᠠᠮᠵᠢ ᠪᠠᠨ ᠬᠦᠢᠴᠡᠳ ᠪᠠᠳᠠᠷᠠᠭᠤᠯᠵᠤ᠂ ᠲᠣᠭᠤᠷᠢᠨ ᠴᠠᠭᠳᠠᠬᠤ ᠠᠵᠢᠯ ᠢ ᠰᠠᠶᠢᠨ ᠬᠢᠬᠦ ᠬᠡᠷᠡᠭᠲᠡᠶ᠃ ᠬᠤᠶᠠᠷ ᠲᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠡᠵᠡᠮᠳᠡᠵᠦ᠂ ᠢᠯᠠᠩᠭᠤᠶ᠎ᠠ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ  ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠰᠠᠶᠢᠨ ᠬᠢᠵᠦ᠂ ᠠᠩᠬᠠᠷᠬᠤ ᠵᠦᠢᠯᠡᠰ ᠢ ᠤᠬᠠᠭᠤᠯᠤᠨ ᠲᠦᠭᠡᠮᠡᠯᠵᠢᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ ᠭᠠᠯ ᠰᠡᠷᠭᠡᠶᠢᠯᠡᠬᠦ ᠠᠵᠢᠯ ᠢ ᠴᠢᠩᠭ᠎ᠠ ᠠᠳᠬᠤᠨ᠂ ︽ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ︾ ᠰᠢᠨ᠎ᠡ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃  ᠭᠤᠷᠪᠠ ᠳᠤ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠠᠬᠢ ᠡᠰᠢ ᠰᠦᠷᠡᠯ ᠰᠢᠲᠠᠭᠠᠬᠤ ᠠᠵᠢᠯᠯᠠᠭ᠎ᠠ ᠳᠤ ᠴᠢᠩᠭ᠎ᠠ  ᠬᠢᠨᠠᠯᠲᠠ ᠲᠠᠯᠪᠢᠵᠤ᠂ ᠡᠷᠬᠡᠪᠰᠢ ᠭᠠᠯ ᠰᠡᠷᠭᠡᠶᠢᠯᠡᠯᠳᠡ ᠶᠢᠨ ᠲᠤᠰᠠᠭᠠᠷᠯᠠᠬᠤ ᠪᠦᠰᠡ ᠶᠢ ᠤᠷᠢᠳᠴᠢᠯᠠᠨ ᠪᠠᠶᠢᠭᠤᠯᠵᠤ᠂ ᠡᠰᠢ ᠰᠦᠷᠡᠯ ᠰᠢᠲᠠᠭᠠᠬᠤ ᠳᠠᠭᠠᠨ ᠡᠷᠬᠡᠪᠰᠢ ᠴᠠᠭ ᠠᠭᠤᠷ  ᠤᠨ ᠪᠠᠶᠢᠳᠠᠯ ᠢ ᠠᠵᠢᠵᠤ᠂ ᠲᠤᠬᠠᠢ ᠶᠢᠨ ᠲᠠᠯᠠᠪᠤᠷ ᠲᠤ ᠬᠦᠮᠦᠨ ᠤᠯᠠᠨ ᠪᠠᠶᠢᠬᠤ ᠶᠢ ᠪᠠᠳᠤᠯᠠᠨ᠂  ᠠᠯᠳᠠᠭ᠎ᠠ ᠤᠰᠤᠯ ᠡᠰᠡ ᠭᠠᠷᠬᠤ ᠶᠢ ᠪᠡᠶᠡᠯᠡᠭᠦᠯᠬᠦ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠪᠤᠤᠴᠠᠩ ᠪᠠᠯᠭᠠᠰᠤ ᠨᠢ ᠵᠢᠵᠢᠬᠦᠷᠯᠡᠨ ᠰᠠᠬᠢᠬᠤ᠂ ᠲᠣᠭᠤᠷᠢᠨ ᠴᠠᠭᠳᠠᠬᠤ ᠠᠵᠢᠯ ᠪᠠ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠬᠠᠷᠢᠭᠤᠴᠠᠯᠭ᠎ᠠ ᠶᠢ ᠠᠶᠢᠯ ᠡᠷᠦᠬᠡ ᠬᠥᠮᠦᠨ ᠨᠢᠬᠡᠪᠦᠷᠢ ᠳᠤ ᠨᠠᠶᠢᠳᠠᠪᠤᠷᠢᠵᠢᠭᠤᠯᠵᠤ᠂  ᠤᠯᠠᠨ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠨ᠂ ᠤᠢ ᠰᠢᠭᠤᠢ ᠨᠤᠲᠤᠭ ᠪᠡᠯᠴᠢᠭᠡᠷ ᠤᠨ ︽ᠭᠠᠯ ᠰᠡᠷᠭᠡᠶᠢᠯᠡᠬᠦ ᠬᠡᠷᠡᠮ︾ ᠢ  ᠪᠠᠳᠤ ᠴᠤᠭᠴᠠᠯᠠᠬᠤ ᠪᠠᠷ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号