ᠶᠦᠩ ᠹᠧᠩ ᠪᠠᠯᠭᠠᠰᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/10/11
   ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠲᠡᠮᠡᠴᠡᠨ ᠣᠯᠬᠤ ᠶᠢᠨ ᠲᠦᠯᠦᠭᠡ᠂ 10 ᠰᠠᠷ᠎ᠠ ᠶᠢᠨ 9 ᠤ ᠡᠳᠦᠷ ᠶᠦᠩ ᠹᠧᠩ ᠪᠠᠯᠭᠠᠰᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠳ᠋ ᠪᠠᠯᠭᠠᠰᠤᠨ ᠳᠠᠷᠤᠭ᠎ᠠ ᠶᠠᠩ ᠵᠢᠶᠠᠨ ᠷᠦᠢ ᠬᠤᠷᠠᠯ ᠢ ᠡᠷᠬᠢᠯᠡᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠫᠸᠢ ᠵᠧᠨ ᠰᠢᠶᠦ᠋ᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠣᠶ ᠬᠠᠮᠠᠭᠠᠯᠠᠭᠴᠢᠳ ᠬᠤᠷᠠᠯ ᠳᠤ ᠣᠷᠣᠯᠴᠠᠵᠠᠶ᠃ ᠬᠤᠷᠠᠯ ᠲᠡᠭᠡᠷ᠎ᠡ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠦᠩ ᠹᠧᠩ ᠪᠠᠯᠭᠠᠰᠤᠨ ᠤ  ᠪᠠᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠴᠢᠬᠤᠯᠠ ᠭᠠᠷᠳᠠᠴᠠ  ᠪᠤᠯᠬᠤᠷ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂  ᠡᠯ᠎ᠡ ᠲᠦᠷᠦᠯ ᠤᠨ ᠠᠵᠢᠯ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠴᠢᠨᠠᠷ ᠵᠢᠴᠢ ᠬᠠᠰᠢᠶᠠᠯᠠᠨ ᠮᠠᠯᠵᠢᠬᠤ ᠵᠡᠷᠭᠡ ᠠᠷᠠᠳ ᠲᠤ ᠠᠰᠢᠭ ᠬᠦᠷᠲᠡᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠤᠯᠠᠮ ᠴᠢᠩᠭᠠᠷᠠᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠵᠦ᠂  ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶᠢᠭ ᠢ ᠨᠢ ᠬᠤᠪᠢᠷᠠᠭᠤᠯᠵᠤ᠂ ᠡᠯᠡᠰᠦᠷᠭᠡᠭᠵᠢᠯ ᠢ ᠵᠠᠰᠠᠬᠤ ᠦᠢᠯᠡᠰ ᠲᠤ ᠢᠳᠡᠪᠬᠢᠳᠡᠢ ᠣᠷᠣᠯᠴᠠᠭᠤᠯᠤᠨ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠲᠡᠶ᠃ ᠡᠯ᠎ᠡ ᠲᠣᠰᠬᠤᠨ ᠤ ᠬᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ︽ᠨᠢᠭᠡ ᠳᠠᠷᠤᠭ᠎ᠠ ᠬᠤᠶᠠᠷ ᠭᠡᠰᠢᠭᠦᠨ︾ ᠤ ᠦᠢᠯᠡᠳᠦᠯ ᠢ ᠭᠦᠢᠴᠡᠳ  ᠪᠠᠳᠠᠷᠠᠭᠤᠯᠤᠨ᠂ ᠬᠤᠯᠠᠭᠠᠶᠢᠯᠠᠨ ᠪᠡᠯᠴᠢᠭᠡᠷᠯᠡᠬᠦᠯᠬᠦ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠳᠡᠭᠡᠭᠰᠢ ᠮᠡᠳᠡᠭᠦᠯᠵᠦ᠂ ᠲᠣᠭᠤᠷᠢᠨ ᠪᠠᠶᠢᠴᠠᠭᠠᠵᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠂  ᠤᠶᠢᠵᠢᠭᠤᠯᠤᠯᠳᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠤᠨ ᠳᠠᠷᠠᠭ᠎ᠠ ᠤᠯᠠᠨ ᠢᠶᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠳᠠᠷᠠᠭᠠᠬᠤ ᠰᠣᠷᠢᠯᠲᠠ ᠬᠢᠵᠡᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号