ᠲᠠᠶᠢᠹᠤᠰᠧ ᠬᠤᠰᠢᠭᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/10/12
 10 ᠰᠠᠷ᠎ᠠ ᠶᠢᠨ 11᠎ ᠤ ᠡᠳᠦᠷ᠂ ᠲᠠᠶᠢᠹᠤᠰᠧ ᠬᠤᠰᠢᠭᠤᠨ ᠤ 2024 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠤᠣ ᠱᠧᠩ ᠳ᠋ᠠ ᠲᠠᠯᠠᠪᠠᠢ ᠳᠤ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ‌‍ᠰᠦ᠋ᠨ ᠶᠠᠨ ᠶᠤᠰᠤᠯᠠᠯ ᠳᠤ ᠤᠷᠤᠯᠴᠠᠵᠤ  ᠪᠠᠶᠠᠷ ᠤᠨ ᠦᠭᠡ ᠬᠡᠯᠡᠭᠰᠡᠨ ᠪᠥᠭᠡᠳ ᠤᠬᠠᠭᠤᠯᠭ᠎ᠠ ᠶᠢᠨ ᠭᠠᠷᠠᠭ ᠵᠢᠩᠬᠢᠨᠢ ᠪᠠᠷ ᠡᠬᠢᠯᠡᠭᠰᠡᠨ ᠢ ᠵᠠᠷᠯᠠᠪᠠ᠃  ᠠᠬᠤᠢ ᠲᠠᠯᠠᠪᠠᠢ ᠳᠤ᠂ ᠠᠵᠢᠯᠲᠠᠳ ᠪᠢᠴᠢᠭᠡᠰᠦ ᠡᠯᠬᠦᠬᠦ᠂ ᠰᠠᠮᠪᠠᠷ᠎ᠠ ᠪᠤᠰᠬᠠᠬᠤ᠂  ᠵᠠᠷᠯᠠᠯ ᠨᠠᠭᠠᠬᠤ᠂ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠢᠷᠡᠵᠦ ᠶᠠᠪᠤᠭ᠎ᠠ ᠤᠯᠠᠨ ᠲᠦᠮᠡᠨ ᠳᠤ ᠢᠳᠡᠭᠡᠨ ᠤ ᠠᠮᠤᠷ ᠲᠦᠪᠰᠢᠨ ᠤ ᠬᠠᠤᠯᠢ ᠲᠦᠷᠢᠮ᠂ ᠢᠳᠡᠭᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠵᠡᠷᠭᠡ ᠶᠢ ᠤᠬᠠᠭᠤᠯᠤᠨ ᠲᠦᠭᠡᠮᠡᠯᠵᠢᠭᠦᠯᠵᠦ᠂ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠳᠤ ᠲᠤᠯᠭᠠᠷᠠᠭᠰᠠᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠬᠠᠷᠢᠭᠤᠯᠳᠠ ᠦᠭᠬᠦᠭᠰᠡᠨ ᠪᠠᠶᠢᠨ᠎ᠠ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠵᠠᠩ ᠮᠧᠩ ᠵᠢᠶᠧ ᠰᠤᠷᠪᠤᠯᠵᠢᠯᠠᠭ᠎ᠠ ᠬᠦᠯᠢᠶᠡᠬᠦ ᠳᠡᠭᠡᠨ ︽ᠲᠠᠷᠠᠭᠠᠴᠢ ᠶᠢᠨ ᠠᠯᠬᠤᠮ ᠳᠤ ᠪᠢᠳᠡ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢᠶᠠᠷ ᠠᠵᠠ ᠲᠣᠬᠢᠶᠠᠯ ᠪᠣᠯᠭᠠᠵᠤ᠂ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪ ᠤᠨ ᠲᠣᠭᠤᠷᠢᠨ ᠳᠤ ᠬᠠᠮᠢᠶ᠎ᠠ ᠪᠥᠬᠦᠶ ᠤᠬᠠᠭᠤᠯᠤᠨ ᠲᠦᠬᠡᠮᠡᠯᠵᠢᠬᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ ᠢᠳᠡᠭᠡᠨ ᠤ ᠠᠮᠤᠷ ᠲᠦᠪᠰᠢᠨ ᠤ ᠬᠠᠤᠯᠢ ᠲᠦᠷᠢᠮ ᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠢ ᠵᠢᠯᠤᠭᠤᠳᠤᠨ ᠦᠨᠡᠨᠴᠢ ᠢᠲᠡᠭᠡᠮᠵᠢᠲᠡᠶ ᠬᠠᠤᠯᠢ ᠶᠤᠰᠤᠨ ᠤ ᠡᠵᠡᠩᠨᠡᠯᠳᠡ ᠬᠢᠯᠬᠡᠬᠦ ᠶᠢᠨ ᠬᠠᠮᠳᠤ᠂ ᠢᠨᠲ᠋ᠧᠷ ᠰᠦᠯᠵᠢᠶ᠎ᠡ᠂ ᠸᠢᠴᠠᠲ ᠲᠠᠪᠴᠠᠩ ᠢ ᠠᠰᠢᠭᠯᠠᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠵᠤ᠂  ᠥᠷᠭᠡᠨ ᠣᠯᠠᠨ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠢ ᠠᠩᠬᠠᠷᠴᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠬᠥᠮᠦᠨ ᠪᠦᠬᠦᠨ ᠢᠳᠡᠭᠡᠨ ᠤ ᠠᠮᠤᠷ ᠲᠦᠪᠰᠢᠨ ᠢ ᠬᠠᠯᠠᠮᠵᠢᠯᠠᠬᠤ᠂ ᠬᠥᠮᠦᠨ ᠪᠦᠬᠦᠨ ᠢᠳᠡᠭᠡᠨ ᠤ ᠠᠮᠤᠷ ᠲᠦᠪᠰᠢᠨ ᠳᠤ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠤ ᠪᠠᠷ ᠴᠢᠷᠮᠠᠶᠢᠨ᠎ᠠ︾ ᠬᠡᠯ᠎ᠡ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠪᠠᠢ ᠬᠤᠢ ᠱᠧᠩ ᠰᠢᠬᠢᠷ ᠤᠨ ᠦᠢᠯᠡᠳᠪᠦᠷᠢ᠂ ᠬᠤᠩ ᠵᠢᠩ ᠶᠤᠸᠠᠨ ᠲᠣᠰᠣᠨ ᠤ ᠦᠢᠯᠡᠳᠪᠦᠷᠢ ᠵᠡᠷᠭᠡ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠶᠢᠨ 90 ᠭᠠᠷᠤᠢ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠠᠬᠤᠢ ᠲᠠᠯᠠᠪᠠᠢ ᠳᠤ  ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠶ ᠬᠤᠪᠢ ᠲᠠᠷᠬᠠᠭᠠᠵᠤ᠂ 400 ᠭᠠᠷᠤᠢ ᠬᠥᠮᠦᠨ ︵ᠤᠳᠠᠭ᠎ᠠ︶᠎ ᠤ ᠠᠰᠠᠭᠤᠨ ᠯᠠᠪᠯᠠᠭᠰᠠᠨ ᠵᠦᠢᠯ ᠳᠤ ᠬᠠᠷᠢᠭᠤᠯᠲᠠ ᠦᠭᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号