ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠬᠢᠯᠡᠪᠡ
ᠨᠡᠶᠢᠲᠡᠯᠡᠭᠰᠡᠨ ᠴᠠᠭ᠄
2024/10/12
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠦᠵᠡᠯ ᠰᠠᠨᠠᠭ᠎ᠠ ᠲᠠᠨᠢᠯᠲᠠ ᠪᠠ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠵᠦ᠂ ᠰᠢᠨ᠎ᠡ ᠰᠡᠳᠬᠢᠬᠦᠶ᠂ ᠰᠢᠨ᠎ᠡ ᠮᠡᠳᠡᠯᠭᠡ᠂ ᠰᠢᠨ᠎ᠡ ᠴᠢᠳᠠᠪᠤᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠬᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠴᠢᠨᠠᠷ ᠰᠠᠶᠢᠲᠠᠶ ᠬᠡᠷᠡᠭᠵᠢᠭᠦᠯᠬᠦ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠴᠢᠳᠠᠯ ᠤᠨ ᠳᠡᠮᠵᠢᠯᠭᠡ ᠬᠠᠩᠭᠠᠬᠤ ᠶᠢᠨ ᠲᠦᠯᠦᠭᠡ᠂  10 ᠰᠠᠷ᠎ᠠ ᠶᠢᠨ 11 ᠤ ᠡᠳᠦᠷ᠂  ᠲᠠᠶᠢᠹᠤᠰᠧ ᠬᠤᠰᠢᠭᠤ ᠨᠢ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠢᠶᠠᠨ ᠤᠯᠠᠭᠠᠨᠬᠠᠳᠠ ᠬᠤᠲᠠ ᠳᠤ ᠠᠮᠵᠢᠯᠲᠠ ᠲᠠᠢ ᠡᠬᠢᠯᠡᠬᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ ᠰᠤᠷᠤᠯᠭ᠎ᠠ ᠡᠬᠢᠯᠡᠬᠦ ᠶᠤᠰᠤᠯᠠᠯ ᠳᠤ ᠤᠷᠤᠯᠴᠠᠵᠤ ᠳᠠᠶᠢᠴᠢᠯᠠᠯᠲᠠ ᠶᠢᠨ ᠶᠠᠷᠢᠶ᠎ᠠ ᠲᠠᠯᠪᠢᠬᠤ  ᠳᠠᠭᠠᠨ᠂ ᠤᠯᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠨᠡ ᠤᠳᠠᠭᠠᠨ ᠤ ᠪᠣᠯᠪᠠᠰᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠡᠷᠢᠭᠦᠨ ᠤ ᠠᠷᠭ᠎ᠠ ᠲᠤᠷᠰᠢᠯᠭ᠎ᠠ ᠶᠢ ᠭᠦᠨᠵᠡᠭᠡᠶ ᠰᠤᠷᠤᠯᠴᠠᠨ ᠰᠤᠳᠤᠯᠵᠤ᠂ ᠰᠠᠶᠢᠨ ᠢ ᠨᠢ ᠠᠪᠴᠤ ᠳᠤᠲᠠᠭᠳᠠᠯ ᠢᠶᠠᠨ ᠨᠦᠬᠦᠪᠦᠷᠢᠯᠡᠨ᠂ ᠲᠣᠰ ᠲᠣᠰ ᠤᠨ ᠠᠵᠢᠯ ᠤᠨ ᠪᠠᠶᠢᠷᠢ ᠳᠠᠭᠠᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠳᠤᠳᠠᠢ ᠠᠬᠢᠭᠤᠯᠤᠨ᠂ ᠦᠵᠡᠯ ᠰᠠᠨᠠᠭ᠎ᠠ ᠪᠠᠨ ︽ᠠᠵᠢᠯ ᠬᠢᠬᠦ︾ ᠳᠡᠭᠡᠷ᠎ᠡ ᠨᠢᠭᠡᠳᠬᠡᠵᠦ᠂  ᠴᠢᠳᠠᠪᠤᠷᠢ ᠪᠠᠨ  ︽ᠬᠢᠵᠦ ᠴᠢᠳᠠᠬᠤ︾ ᠲᠡᠭᠡᠷ᠎ᠡ  ᠢᠯᠡᠷᠡᠬᠦᠯᠵᠦ᠂ ᠬᠠᠷᠠᠯᠲᠠ ᠪᠠᠨ ︽ᠬᠢᠵᠦ ᠪᠦᠳᠦᠬᠡᠬᠦ︾ ᠳᠡᠭᠡᠷ᠎ᠡ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠨᠠᠷ ᠰᠠᠶᠢᠲᠠᠢ ᠶᠠᠪᠤᠭᠳᠠᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃  ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ ᠶᠢ ᠪᠠᠷᠢᠮᠲᠠᠯᠠᠵᠤ᠂ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠨ᠂ ᠰᠤᠷᠤᠯᠴᠠᠬᠤ ᠣᠪᠣᠷ ᠢᠶᠠᠨ ᠴᠠᠭ ᠢᠮᠠᠭᠳᠠ ᠲᠥᠪ ᠪᠠᠶᠢᠯᠭᠠᠵᠤ᠂ ᠰᠤᠷᠤᠯᠴᠠᠯᠭ᠎ᠠ ᠶᠢ ᠰᠠᠬᠢᠯᠭ᠎ᠠ ᠪᠠᠲᠤ ᠶᠢ ᠵᠢᠷᠤᠮᠯᠠᠨ᠂ ᠰᠤᠷᠤᠯᠴᠠᠯᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠤᠯᠬᠤ ᠪᠠᠷ  ᠴᠢᠷᠮᠠᠶᠢᠨ᠂ ᠰᠡᠳᠬᠢᠮᠵᠢ ᠲᠠᠢ ᠰᠤᠷᠤᠯᠴᠠᠬᠤ᠂ ᠤᠬᠠᠮᠰᠠᠷ ᠲᠠᠢ ᠰᠤᠷᠤᠯᠴᠠᠬᠤ  ᠂ ᠣᠯᠤᠯᠲᠠ ᠲᠠᠢ ᠰᠤᠷᠤᠯᠴᠠᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠤᠨ ᠠᠩᠭᠢ ᠶᠢ ᠬᠤᠶᠠᠷ ᠬᠤᠭᠤᠴᠠᠭ᠎ᠠ ᠬᠤᠪᠢᠶᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠷᠠᠳᠢᠣ᠋ ᠲᠧᠯᠸᠢᠰ ᠰᠤᠷᠭᠠᠭᠤᠯᠢ ᠶᠢᠨ ᠤᠤᠯ ᠤᠨ ᠵᠠᠬᠢᠷᠤᠯ᠂ ᠬᠤᠶᠠᠳᠤᠭᠠᠷ ᠳᠡᠰ ᠤᠨ ᠫᠷᠤᠹᠧᠰᠰᠤᠷ᠂ ᠤᠯᠠᠭᠠᠨᠬᠠᠳᠠ ᠬᠤᠲᠠ ᠶᠢᠨ ᠮᠠᠯᠴᠢᠨ ᠲᠠᠷᠢᠶᠠᠴᠢᠨ ᠤ ᠪᠣᠯᠪᠠᠰᠤᠷᠠᠯ ᠬᠦᠮᠦᠵᠢᠯ ᠤᠨ ᠲᠥᠪ ᠤᠨ ᠡᠷᠬᠢᠯᠡᠭᠴᠢ ᠵᠢᠶᠠᠩ ᠽᠧ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ᠂ ᠬᠤᠶᠠᠳᠤᠭᠠᠷ ᠳᠡᠰ ᠤᠨ ᠫᠷᠤᠹᠧᠰᠰᠤᠷ ᠽᠦᠸᠧ ᠬᠤᠶ ᠵᠥᠩ᠂ ᠤᠯᠠᠭᠠᠨᠬᠠᠳᠠ ᠬᠤᠲᠠ ᠶᠢᠨ ᠨᠠᠮ ᠤᠨ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠵᠢᠭᠠᠨ ᠰᠤᠳᠤᠯᠬᠤ ᠲᠠᠰᠤᠭ ︵ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠠᠵᠢᠯ ᠤᠨ ᠬᠡᠯᠲᠡᠰ︶ ᠤᠨ ᠳᠡᠳ᠋ ᠡᠷᠬᠢᠯᠡᠭᠴᠢ ᠰᠥᠩ ᠰᠢᠶᠤᠤ ᠰᠢᠤᠢ ᠵᠡᠷᠭᠡ ᠡᠷᠳᠡᠮᠲᠡᠨ ᠮᠡᠷᠭᠡᠳ ᠢ ᠤᠷᠢᠵᠤ ᠬᠢᠴᠢᠶᠡᠯ ᠤᠷᠤᠭᠤᠯᠬᠤ ᠪᠠᠷ ᠪᠠᠶᠢᠨ᠎ᠠ᠃ ᠡᠭᠦᠨ ᠤ ᠬᠠᠮᠲᠤ ᠲᠤᠬᠠᠢ ᠶᠢᠨ ᠭᠠᠵᠠᠷ ᠲᠤᠨᠢ ᠲᠣᠭᠤᠷᠢᠨ ᠰᠤᠷᠤᠯᠴᠠᠬᠤ ᠠᠵᠢᠯᠯᠠᠭ᠎ᠠ ᠦᠷᠨᠢᠬᠦᠯᠵᠦ᠂ ᠤᠯᠠᠭᠠᠨᠬᠠᠳᠠ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠵᠠᠭᠪᠤᠷ᠂ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷᠠᠬᠢ ᠠᠵᠤ ᠦᠢᠯᠡᠰ ᠤᠨ ᠬᠦᠭᠵᠢᠯᠳᠡ᠂ ᠮᠡᠷᠭᠡᠵᠢᠯ ᠤᠨ ᠡᠬᠦᠳᠦᠯᠳᠡ᠂  ᠨᠡᠷᠡᠳᠦ ᠲᠡᠮᠳᠡᠭ ᠤᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠵᠡᠷᠭᠡ ᠶᠢᠨ ᠲᠡᠷᠢᠭᠦᠨ ᠤ ᠠᠷᠭ᠎ᠠ ᠲᠤᠷᠰᠢᠯᠭ᠎ᠠ ᠶᠢ ᠰᠤᠷᠤᠯᠴᠠᠨ ᠤᠶᠢᠯᠠᠭᠠᠬᠤ ᠪᠠᠷ ᠪᠠᠶᠢᠨ᠎ᠠ᠃ ᠲᠠᠶᠢᠹᠤᠰᠧ ᠬᠤᠰᠢᠭᠤᠨ ᠤ ᠰᠤᠮᠤ ᠰᠢᠶᠠᠩ ᠪᠠᠯᠭᠠᠰᠤᠨ ᠤ ᠤᠳᠤᠷᠢᠳᠤᠯᠭ᠎ᠠ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ   ᠭᠡᠰᠢᠬᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠨᠢᠭᠡᠴᠡ ᠶᠢᠨ ᠤᠳᠤᠷᠢᠳᠤᠯᠭ᠎ᠠ ᠪᠣᠯᠣᠨ ᠠᠵᠢᠯᠲᠠᠳ᠂ ᠭᠠᠴᠠᠭ᠎ᠠ ᠲᠣᠰᠬᠤᠨ ᠳᠤ ᠲᠤᠮᠢᠯᠠᠭᠳᠠᠵᠤ ᠲᠤᠰᠢᠶᠠᠯ ᠡᠭᠦᠷᠭᠡᠯᠡᠭᠰᠡᠨ ᠤᠶᠤᠳᠠᠨ ᠵᠡᠷᠭᠡ 93 ᠺᠠᠳ᠋ᠷ ᠠᠵᠢᠯᠳᠠᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号