ᠲᠠᠶᠢᠹᠤᠰᠧ ᠬᠤᠰᠢᠭᠤ ᠵᠠᠯᠠᠭᠤᠴᠤᠳ ᠪᠠᠭᠠᠴᠤᠳ ᠲᠤ ᠵᠤᠷᠢᠭᠤᠯᠤᠭᠰᠠᠨ‌‍ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠵᠡᠰᠬᠦᠯᠡᠩ ᠡᠷᠬᠢᠯᠡᠪᠡ
ᠨᠡᠶᠢᠲᠡᠯᠡᠭᠰᠡᠨ ᠴᠠᠭ᠄
2024/10/12
10 ᠰᠠᠷ᠎ᠠ ᠶᠢᠨ 10 ᠤ ᠡᠳᠦᠷ ᠲᠠᠶᠢᠹᠤᠰᠧ ᠬᠤᠰᠢᠭᠤᠨ ᠤ ᠵᠠᠯᠠᠭᠤᠴᠤᠳ ᠪᠠᠭᠠᠴᠤᠳ ᠲᠤ ᠵᠤᠷᠢᠭᠤᠯᠤᠭᠰᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠵᠡᠰᠬᠦᠯᠡᠩ ᠵᠢᠩᠬᠢᠨᠢ ᠪᠠᠷ ᠡᠬᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠡᠬᠢᠯᠡᠯᠳᠡ ᠶᠢᠨ  ᠶᠣᠰᠣᠯᠠᠯ ᠳᠤ ᠣᠷᠣᠯᠴᠠᠭᠰᠠᠨ ᠪᠥᠭᠡᠳ ᠦᠵᠡᠰᠬᠦᠯᠡᠩ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠲᠠᠶᠢᠹᠤᠰᠧ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠡᠬᠢᠯᠡᠯᠲᠡ ᠶᠢᠨ ᠶᠣᠰᠣᠯᠠᠯ ᠳᠤ ᠤᠷᠤᠯᠴᠠᠵᠠᠢ᠃ ᠦᠵᠡᠰᠬᠦᠯᠡᠩ ᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠰᠤᠲᠠᠶᠢᠴᠤᠳ ᠤᠨ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠠᠴᠠ ᠭᠤᠤᠯᠯᠠᠨ ᠡᠷᠭᠢᠯᠡᠵᠦ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ ᠠᠴᠠ ᠬᠠᠮᠵᠢᠯᠴᠠᠨ ᠡᠷᠭᠢᠯᠡᠵᠦ᠂  ᠲᠠᠶᠢᠹᠤᠰᠧ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ᠂ ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠤᠨ ᠲᠠᠶᠢᠹᠤᠰᠧ ᠬᠤᠰᠢᠭᠤᠨ ᠤ ᠵᠢᠬᠦᠷᠳᠡᠨ ᠬᠠᠮᠠᠭᠠᠯᠠᠬᠤ ᠠᠩᠭᠢ ᠠᠴᠠ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号