ᠰᠤᠷᠭᠠᠨ ᠬᠦᠮᠦᠵᠢᠯᠳᠡᠨ ᠤ ᠵᠤᠷᠢᠭ ᠰᠠᠨᠠᠭ᠎ᠠ ᠶᠢ ᠪᠠᠳᠠᠷᠠᠭᠤᠯᠵᠤ ᠰᠤᠷᠭᠠᠨ ᠬᠦᠮᠦᠵᠢᠯ ᠤᠨ ᠬᠦᠴᠦᠷᠭᠡᠭ ᠤᠯᠤᠰ ᠎ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/10/14
  ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠲᠤᠪᠤᠶᠢᠮ᠎ᠠ ᠠᠮᠵᠢᠯᠲᠠ ᠪᠠ ᠥᠷᠭᠡᠨ ᠣᠯᠠᠨ ᠪᠠᠭᠰᠢ ᠨᠠᠷ ᠤᠨ ᠶᠣᠰᠣ ᠰᠤᠷᠳᠠᠬᠤᠨ ᠢᠶᠠᠷ ᠬᠦᠮᠦᠨ ᠢ ᠬᠥᠮᠦᠵᠢᠭᠦᠯᠵᠦ᠂  ᠦᠪᠡᠷ ᠢ ᠪᠠᠨ ᠢᠲᠡᠭᠡᠵᠦ ᠦᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠬᠠᠷᠠᠭᠤᠯᠬᠤ ᠶᠢᠨ ᠲᠥᠯᠥᠭᠡ  ᠂ 10 ᠰᠠᠷ᠎ᠠ ᠶᠢᠨ  9᠎ ᠤ ᠡᠳᠦᠷ ︽ᠰᠤᠷᠭᠠᠨ ᠬᠦᠮᠦᠵᠢᠯᠳᠡᠨ ᠤ ᠵᠤᠷᠢᠭ ᠰᠠᠨᠠᠭ᠎ᠠ ᠶᠢ ᠪᠠᠳᠠᠷᠠᠭᠤᠯᠵᠤ ᠰᠤᠷᠭᠠᠨ ᠬᠦᠮᠦᠵᠢᠯ ᠤᠨ ᠬᠦᠴᠦᠷᠭᠡᠭ ᠤᠯᠤᠰ ᠢ ᠪᠠᠶᠢᠭᠤᠯᠬᠤ︾ ᠪᠦᠬᠦ ᠠᠶᠢᠮᠠᠭ ᠤᠨ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢᠨ ᠬᠡᠪ ᠰᠤᠷᠲᠠᠯ ᠤᠨ ᠲᠡᠷᠢᠬᠦᠨ ᠤ ᠦᠢᠯᠡ ᠠᠵᠢᠯᠯᠠᠭ᠎ᠠ ᠶᠢ ᠲᠤᠭᠤᠷᠢᠨ ᠤᠬᠠᠭᠤᠯᠬᠤ ᠮᠡᠳᠡᠬᠦᠯᠦᠯᠳᠡ ᠶᠢᠨ ᠬᠤᠷᠠᠯ ᠲᠠᠶᠢᠹᠤᠰᠧ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠳᠡᠳ᠋ ᠱᠦᠵᠢ᠂ ᠰᠤᠷᠭᠠᠨ ᠬᠦᠮᠦᠵᠢᠯ ᠤᠨ ᠠᠵᠢᠯ ᠤᠨ ᠵᠦᠪᠯᠡᠯ ᠤᠨ ᠳᠡᠳ᠋ ᠱᠦᠵᠢ ᠶᠠᠩ ᠶᠢᠨ ᠵᠤ᠋᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠽᠦᠸᠧ ᡁᠢ ᠭᠦᠸᠧ ᠠᠵᠢᠯᠯᠠᠭ᠎ᠠ ᠳᠤ ᠣᠷᠣᠯᠴᠠᠵᠡᠢ᠃ ᠮᠡᠳᠡᠬᠦᠯᠦᠯᠳᠡ ᠶᠢᠨ ᠬᠤᠷᠠᠯ ᠳᠡᠭᠡᠷ᠎ᠡ᠂  ᠠᠶᠢᠮᠠᠭ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠳ ᠠᠴᠠ ᠲᠤᠰ ᠪᠡᠶ᠎ᠡ ᠶᠢᠨ ᠰᠤᠷᠭᠠᠨ ᠬᠦᠮᠦᠵᠢᠯ ᠎ ᠤᠨ ᠠᠵᠢᠯ ᠤᠨ ᠦᠩᠭᠡᠷᠡᠯᠳᠡ ᠲᠠᠢ ᠪᠠᠨ ᠤᠶᠠᠯᠳᠤᠭᠤᠯᠵᠤ᠂  ᠨᠠᠮ ᠤᠨ ᠬᠤᠷᠢᠳᠤᠭᠠᠷ ᠬᠤᠭᠤᠴᠠᠭᠠᠨ᠋ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ᠂  ᠰᠤᠷᠭᠠᠨ ᠬᠦᠮᠦᠵᠢᠯᠳᠡᠨ ᠤ ᠵᠤᠷᠢᠭ ᠰᠠᠨᠠᠭ᠎ᠠ ᠶᠢ ᠪᠠᠳᠠᠷᠠᠭᠤᠯᠵᠤ ᠰᠤᠷᠭᠠᠨ ᠬᠦᠮᠦᠵᠢᠯ ᠤᠨ ᠬᠦᠴᠦᠷᠭᠡᠭ ᠤᠯᠤᠰ ᠢ ᠪᠠᠶᠢᠭᠤᠯᠬᠤ ᠭᠤᠣᠯ  ᠰᠡᠳᠦᠪ ᠤᠨ ᠲᠤᠭᠤᠷᠢᠨ ᠳᠤ ᠲᠤᠰᠪᠤᠷᠢ  ᠭᠤᠶᠢᠳᠠ ᠰᠠᠶᠢᠬᠠᠨ ᠶᠠᠷᠢᠶ᠎ᠠ ᠢᠯᠡᠳᠬᠡᠯ ᠬᠢᠪᠡ᠃ ᠲᠡᠳᠡᠨ ᠤ ᠦᠨᠳᠦᠰᠦᠨ ᠱᠠᠳᠤᠨ ᠳᠤ  ᠬᠦᠨᠵᠡᠬᠡᠶᠢᠷᠡᠵᠦ ᠰᠢᠷᠭᠠᠭᠤ ᠬᠠᠲᠠᠭᠤᠵᠢᠯᠲᠠᠢ ᠠᠵᠢᠯᠯᠠᠨ᠂ ᠰᠤᠷᠭᠠᠨ ᠬᠦᠮᠦᠵᠢᠯ ᠤᠨ ᠦᠢᠯᠡᠰ ᠲᠤ  ᠴᠥᠬᠦᠷᠡᠰᠢ ᠦᠭᠡᠢ ᠵᠢᠳᠬᠦᠭᠰᠡᠨ ᠦᠯᠢᠭᠡᠷ ᠵᠢᠱᠢᠶ᠎ᠡ ᠨᠢ  ᠦᠷᠭᠡᠨ ᠤᠯᠠᠨ ᠪᠠᠭᠰᠢ ᠠᠵᠢᠯᠳᠠᠳ ᠲᠤ ᠶᠡᠬᠡᠬᠡᠨ ᠰᠡᠩᠬᠡᠷᠡᠭᠦᠯᠦᠯ ᠪᠠ ᠵᠤᠷᠢᠬᠵᠢᠭᠤᠯᠤᠯ ᠪᠤᠯᠵᠤ᠂ ᠠᠯᠠᠭ᠎ᠠ ᠲᠠᠰᠢᠯᠳᠠ ᠶᠢᠨ ᠲᠠᠭᠤᠨ ᠠᠬᠤᠢ ᠲᠠᠯᠠᠪᠠᠢ ᠳᠤ ᠦᠷᠬᠦᠯᠵᠢᠯᠡᠵᠦ ᠪᠠᠶᠢᠯ᠎ᠠ᠃ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠠᠶᠢᠮᠠᠭ ᠤᠨ ᠰᠤᠷᠭᠠᠨ ᠬᠦᠮᠦᠵᠢᠯ ᠤᠨ ᠠᠵᠢᠯ ᠤᠨ ᠵᠥᠪᠯᠡᠯ᠂ ᠰᠤᠷᠭᠠᠨ ᠬᠥᠮᠦᠵᠢᠯ‌‍ᠦ᠋ᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠲᠠᠶᠢᠹᠤᠰᠧ  ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ᠂ ᠲᠠᠶᠢᠹᠤᠰᠧ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠵᠡᠢ᠃ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠎ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠪᠠ ᠬᠡᠦᠭᠡᠳ ᠤᠨ ᠴᠡᠴᠡᠷᠯᠢᠭ ᠤᠨ ᠵᠠᠬᠢᠷᠤᠯ᠂ ᠭᠤᠤᠯᠯᠠᠭᠴᠢ ᠺᠠᠳ᠋ᠷ᠂  ᠦᠵᠡᠯ ᠰᠠᠨᠠᠭ᠎ᠠ ᠤᠯᠤᠰ ᠲᠦᠷᠦ ᠶᠢᠨ  ᠬᠢᠴᠢᠶᠡᠯ ᠤᠨ ᠪᠠᠭᠰᠢ ᠨᠠᠷ ᠪᠠ ᠬᠡᠰᠡᠭ  ᠠᠩᠬᠢ ᠶᠢᠨ ᠡᠷᠬᠢᠯᠡᠭᠴᠢ ᠵᠡᠷᠭᠡ350 ᠭᠠᠷᠤᠢ ᠬᠥᠮᠦᠨ ᠠᠵᠢᠯᠯᠠᠭ᠎ᠠ ᠳᠤ ᠤᠷᠤᠯᠴᠠᠵᠤ ᠮᠡᠳᠡᠬᠦᠯᠦᠯᠳᠡ ᠶᠢ ᠰᠤᠨᠤᠰᠪᠠ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号