ᠰᠢᠨᠵᠢᠯᠡᠬᠦ ᠤᠬᠠᠭᠠᠨ ᠢ ᠡᠷᠬᠢᠮᠯᠡᠨ ᠡᠬᠡ ᠪᠠᠶᠢᠭᠠᠯᠢ ᠪᠠᠨ ᠬᠠᠶᠢᠷᠠᠯᠠᠶ᠎ᠠ
ᠨᠡᠶᠢᠲᠡᠯᠡᠭᠰᠡᠨ ᠴᠠᠭ᠄
2024/10/14
  ᠥᠷᠭᠡᠨ ᠣᠯᠠᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠦᠰᠡᠯ ᠵᠡᠭᠦᠳᠦ ᠪᠠ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠦᠭᠵᠢᠬᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠮᠳᠠ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠶᠢᠨ ᠲᠤᠰᠠᠳᠠ᠂ 10 ᠰᠠᠷ᠎ᠠ ᠶᠢᠨ 10 ᠤ ᠡᠳᠦᠷ ᠲᠠᠶᠢᠹᠤᠰᠧ ᠬᠤᠰᠢᠭᠤᠨ ᠤ ᠵᠠᠯᠠᠭᠤᠴᠤᠳ ᠪᠠᠭᠠᠴᠤᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠵᠢᠩᠬᠢᠨᠢ ᠪᠠᠷ ᠡᠬᠢᠯᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠡᠬᠢᠯᠡᠯᠳᠡ ᠶᠢᠨ  ᠶᠣᠰᠣᠯᠠᠯ ᠳᠤ ᠣᠷᠣᠯᠴᠠᠭᠰᠠᠨ ᠪᠥᠭᠡᠳ ᠦᠵᠡᠰᠬᠦᠯᠡᠩ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠲᠠᠶᠢᠹᠤᠰᠧ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠡᠬᠢᠯᠡᠯᠲᠡ ᠶᠢᠨ ᠶᠣᠰᠣᠯᠠᠯ ᠳᠤ ᠤᠷᠤᠯᠴᠠᠵᠠᠢ᠃ ᠡᠨᠡ ᠤᠳᠠᠭᠠᠨ ᠤ ᠦᠵᠡᠰᠬᠦᠯᠡᠩ ᠳᠤ ᠲᠠᠶᠢᠹᠤᠰᠧ ᠬᠤᠰᠢᠭᠤᠨ ᠤ ᠲᠦᠢᠮᠤ ᠪᠠᠶᠢᠳᠠᠯ  ᠢ ᠲᠠᠨᠢᠯᠴᠠᠭᠤᠯᠤᠭᠰᠠᠨ ᠪᠦᠭᠡᠳ ᠶᠡᠭᠡ ᠬᠡᠮᠵᠢᠶᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠷᠤᠭ ᠲᠦᠷᠰᠦ ᠦᠰᠦᠭ ᠪᠢᠴᠢᠭ ᠤᠨ ᠮᠠᠲ᠋ᠧᠷᠢᠶᠠᠯ ᠪᠠ ᠬᠡᠪ ᠵᠠᠬᠪᠤᠷ ᠢ ᠳᠡᠯᠭᠡᠨ ᠦᠵᠡᠬᠦᠯᠵᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠰᠢᠭᠤᠳ ᠲᠠᠨᠢᠭᠤᠯᠤᠨ᠂ ᠵᠠᠯᠠᠭᠤᠴᠤᠳ ᠪᠠᠭᠠᠴᠤᠳ ᠲᠤ ᠡᠬᠡ ᠪᠠᠶᠢᠭᠠᠯᠢ ᠶᠢᠨ ᠷᠢᠳᠢ ᠰᠢᠳᠢ ᠶᠢ ᠮᠡᠳᠡᠷᠡᠭᠦᠯᠵᠦ᠂ ᠲᠡᠳᠡᠨ ᠤ ᠰᠢᠨᠵᠢᠯᠡᠬᠦ ᠤᠬᠠᠭᠠᠨ ᠤ ᠲᠤᠬᠠᠶ ᠭᠠᠶᠢᠬᠠᠨ ᠰᠤᠨᠢᠭᠤᠴᠠᠬᠤ ᠪᠠ ᠬᠠᠶᠢᠨ ᠰᠦᠪᠡᠭᠴᠢᠯᠡᠬᠦ ᠬᠦᠰᠡᠯ ᠢ ᠨᠢ ᠲᠠᠶᠢᠴᠢᠯᠠᠭᠰᠠᠨ ᠪᠠᠶᠢᠨ᠎ᠠ᠃      ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠰᠢᠨᠵᠢᠯᠡᠭᠡ ᠮᠡᠷᠭᠡᠵᠢᠯ ᠨᠡᠶᠢᠭᠡᠮᠯᠢᠭ ᠤᠨ ᠬᠡᠷᠡᠭ ᠡᠷᠬᠢᠯᠡᠭᠴᠢ ᠪᠠᠶ ᠶᠦᠨ ᠱᠧᠩ᠄ ︽ᠡᠨᠡ ᠤᠳᠠᠭᠠᠨ ᠤ ᠦᠵᠡᠰᠬᠦᠯᠡᠩ ᠪᠣᠯ ᠰᠤᠷᠤᠭᠴᠢᠳ ᠲᠤ ᠡᠬᠡ ᠣᠷᠣᠨᠴᠢ ᠦᠵᠡᠯ ᠤᠨ ᠬᠥᠮᠦᠵᠢᠯ ᠪᠠ ᠬᠡᠪ ᠴᠢᠨᠠᠷ ᠤᠨ ᠰᠤᠷᠭᠠᠨ ᠬᠥᠮᠦᠵᠢᠯ ᠬᠦᠷᠲᠡᠭᠡᠬᠦ ᠶᠢᠨ ᠨᠢᠭᠡ ᠬᠡᠰᠡᠭ ᠮᠥᠨ᠃ ᠦᠵᠡᠰᠬᠦᠯᠡᠩ ᠢᠶᠠᠷ ᠲᠠᠮᠵᠢᠭᠠᠳ ᠵᠠᠯᠠᠭᠤ ᠪᠠᠭ᠎ᠠ ᠰᠤᠷᠤᠭᠴᠢᠳ ᠢ ᠬᠤᠶᠠᠳᠤᠭᠠᠷ ᠬᠢᠴᠢᠶᠡᠯ ᠤᠨ ᠲᠠᠩᠬᠢᠮ ᠳᠤ ᠤᠷᠤᠭᠤᠯᠵᠤ᠂ ᠲᠡᠳᠡᠨ ᠢ ᠰᠤᠷᠭᠠᠭᠤᠯᠢ ᠠᠴᠠ  ᠭᠠᠷᠭᠠᠨ ᠨᠡᠶᠢᠭᠡᠮ ᠳᠤ ᠬᠦᠨᠵᠡᠬᠡᠶᠢᠷᠡᠬᠦᠯᠵᠦ᠂ ᠪᠠᠶᠢᠭᠠᠯᠢ ᠶᠢᠨ ᠰᠢᠨᠵᠢᠯᠡᠬᠦ ᠤᠬᠠᠭᠠᠨ ᠢ ᠪᠡᠶ᠎ᠡ ᠪᠠᠷ  ᠨᠢ ᠮᠡᠳᠡᠷᠡᠬᠦᠯᠬᠦ ᠶᠢ ᠵᠤᠷᠢᠵᠠᠢ︾  ᠃   ᠦᠵᠡᠰᠬᠦᠯᠡᠩ ᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠰᠤᠲᠠᠶᠢᠴᠤᠳ ᠤᠨ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠠᠴᠠ ᠭᠤᠤᠯᠯᠠᠨ ᠡᠷᠭᠢᠯᠡᠵᠦ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ ᠠᠴᠠ ᠬᠠᠮᠵᠢᠯᠴᠠᠨ ᠡᠷᠭᠢᠯᠡᠵᠦ᠂  ᠲᠠᠶᠢᠹᠤᠰᠧ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ᠂ ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠤᠨ ᠲᠠᠶᠢᠹᠤᠰᠧ ᠬᠤᠰᠢᠭᠤᠨ ᠤ ᠵᠢᠬᠦᠷᠳᠡᠨ ᠬᠠᠮᠠᠭᠠᠯᠠᠬᠤ ᠠᠩᠭᠢ  ᠠᠴᠠ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号