︽ᠪᠠᠶᠠᠵᠢᠯ ᠤᠨ ᠠᠮᠳᠠ︾ ᠲᠠᠢ ᠰᠢᠬᠢᠷ ᠯᠤᠤᠪᠠᠩ
ᠨᠡᠶᠢᠲᠡᠯᠡᠭᠰᠡᠨ ᠴᠠᠭ᠄
2024/10/14
  ᠤᠶᠢᠷ᠎ᠠ ᠳᠤ ᠬᠤᠩ ᠴᠢ ᠪᠠᠯᠭᠠᠰᠤᠨ ᠤ ᠰᠢᠬᠢᠷ ᠯᠤᠤᠪᠠᠩ ᠤᠨ ᠲᠠᠷᠢᠶᠠᠨ ᠭᠠᠵᠠᠷ ᠢᠶᠠᠷ ᠲᠤᠭᠤᠷᠢᠵᠤ ᠬᠦᠷᠬᠦᠶ᠎ᠡ᠂ ᠲᠣᠮᠣ ᠬᠡᠯᠪᠡᠷᠢ ᠶᠢᠨ ᠮᠠᠰᠢᠨ ᠲᠦᠬᠦᠭᠡᠷᠦᠮᠵᠢ ᠨᠠᠰᠢ ᠴᠠᠰᠢ ᠰᠦᠯᠵᠢᠯᠳᠦᠵᠦ᠂  ᠲᠡᠬᠦᠵᠦ ᠬᠤᠷᠢᠶᠠᠬᠤ  ᠂  ᠲᠡᠷᠭᠡᠨ  ᠳᠤ ᠲᠡᠭᠡᠭᠡᠬᠦ ᠪᠦᠬᠦᠶᠢᠯᠡ ᠦᠢᠯᠡ ᠴᠤᠯ ᠮᠠᠰᠢᠨᠴᠢᠯᠠᠯᠲᠠ ᠪᠠᠷ ᠶᠠᠪᠤᠭᠳᠠᠵᠤ ᠪᠠᠶᠢᠯ᠎ᠠ᠃ ᠡᠨᠡ ᠨᠢ ᠬᠦᠳᠡᠯᠮᠦᠷᠢ ᠬᠦᠴᠦᠨ  ᠢ ᠭᠠᠮᠨᠠᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠠᠢ᠂ ᠡᠳᠡᠭᠡᠷ ᠰᠢᠬᠢᠷ ᠯᠤᠤᠪᠠᠩ ᠢ  ᠰᠢᠭᠤᠳ ᠰᠢᠯᠢ ᠶᠢᠨ ᠭᠤᠤᠯ ᠠᠶᠢᠮᠠᠭ ᠤᠨ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠭᠡᠵᠦ ᠡᠳ᠋ᠰᠢᠭᠦᠯᠦᠨ ᠦᠢᠯᠡᠳᠪᠦᠷᠢᠯᠡᠳᠡᠭ ᠪᠠᠶᠢᠨ᠎ᠠ᠃   ᠲᠠᠷᠢᠶᠠᠴᠢᠨ ᠡᠷᠦᠬᠡ ᠶᠠᠨ ᠸᠧᠨ᠄ ︽ᠰᠢᠬᠢᠷ ᠯᠤᠤᠪᠠᠩ ᠲᠠᠷᠢᠭᠠᠳ ᠲᠠᠪᠤᠨ ᠵᠢᠯ ᠪᠤᠯᠵᠤ ᠪᠠᠶᠢᠨ᠎ᠠ᠂ ᠰᠢᠬᠢᠷ ᠤᠨ ᠦᠢᠯᠡᠳᠪᠦᠷᠢ ᠲᠠᠢ ᠭᠡᠷ᠎ᠡ ᠲᠤᠭᠳᠠᠭᠠᠳ᠂ ᠰᠢᠬᠢᠷ ᠤᠨ ᠦᠢᠯᠡᠳᠪᠦᠷᠢ ᠠᠴᠠ ᠲᠠᠷᠢᠬᠤ ᠦᠷ᠎ᠡ ᠪᠠ ᠮᠡᠷᠭᠡᠵᠢᠯ ᠤᠨ ᠦᠢᠯᠡᠴᠢᠯᠡᠭᠡ ᠬᠠᠩᠭᠠᠵᠤ ᠪᠤᠢ᠂  ᠪᠢ ᠡᠨᠡ ᠵᠢᠯ 1500 ᠮᠦ ᠲᠠᠷᠢᠵᠠᠢ᠂ ᠮᠦ ᠪᠦᠷᠢ ᠶᠢᠨ ᠤᠨᠠᠯᠲᠠ 3.7 ᠲᠣᠨ ᠣᠷᠴᠢᠮ︾᠃    ᠰᠢᠬᠢᠷ ᠯᠤᠤᠪᠠᠩ ᠤᠨ ᠬᠤᠷᠢᠶᠠᠯᠲᠠ ᠶᠢᠨ ᠤᠯᠠᠷᠢᠯ ᠬᠦᠷᠴᠦ ᠢᠷᠡᠬᠦ ᠶᠢ ᠲᠠᠭᠠᠯᠳᠤᠭᠠᠳ᠂ ᠰᠢᠯᠢ ᠶᠢᠨ ᠭᠤᠣᠯ ᠠᠶᠢᠮᠠᠭ ᠤᠨ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠴᠤ ᠶᠠᠭᠠᠷᠠᠵᠤ ᠡᠬᠢᠯᠡᠨ᠎ᠡ᠃ ᠲᠡᠷᠭᠡ ᠲᠡᠷᠭᠡ ᠰᠢᠬᠢᠷ ᠯᠤᠤᠪᠠᠩ ᠢ ᠬᠦᠷᠭᠡᠵᠦ ᠢᠷᠡᠭᠰᠡᠨ ᠤ ᠲᠠᠷᠠᠭ᠎ᠠ ᠡᠮᠬᠢ ᠴᠡᠭᠴᠡ ᠲᠠᠢ ᠬᠠᠳᠠᠭᠠᠯᠠᠵᠤ ᠲᠠᠯᠪᠢᠨ᠎ᠠ᠃ ᠦᠢᠯᠡᠳᠪᠦᠷᠢᠯᠡᠯ ᠤᠨ ᠲᠠᠰᠤᠭ ᠲᠤ ᠮᠠᠰᠢᠨ ᠤ ᠲᠠᠭᠤᠨ ᠬᠦᠩᠭᠢᠨᠡᠵᠦ᠂ ᠠᠵᠢᠯᠴᠢᠳ ᠥᠪᠡᠷ ᠥᠪᠡᠷ ᠤᠨ ᠠᠵᠢᠯ ᠤᠨ ᠪᠠᠶᠢᠷᠢ   ᠳᠠᠭᠠᠨ ᠶᠠᠭᠠᠷᠠᠯᠳᠤᠵᠤ᠂  ᠰᠢᠬᠢᠷ ᠯᠤᠤᠪᠠᠩ ᠢ ᠤᠬᠢᠶᠠᠵᠤ ᠴᠡᠪᠡᠷᠯᠡᠬᠦ᠂  ᠰᠢᠷᠭᠡᠭᠯᠡᠨ ᠬᠡᠷᠴᠢᠬᠦ᠂ ᠬᠠᠶᠢᠯᠠᠭᠤᠯᠵᠤ ᠲᠠᠯᠠᠰᠵᠢᠭᠤᠯᠬᠤ᠂ ᠰᠢᠯᠭᠠᠨ ᠪᠠᠶᠢᠴᠠᠭᠠᠬᠤ᠂ ᠤᠭᠤᠳᠠᠯᠠᠨ ᠰᠠᠨᠪᠠᠯᠠᠬᠤ ᠵᠡᠷᠭᠡ ᠠᠵᠢᠯ ᠢ ᠠᠯᠬᠤᠮ ᠲᠠᠷᠠᠭᠠᠯᠠᠯ ᠲᠠᠢ ᠶᠠᠪᠤᠭᠳᠠᠭᠤᠯᠤᠨ᠎ᠠ᠃  ᠡᠶᠢᠨᠬᠦ ᠡᠯᠡᠰᠦᠨ ᠰᠢᠬᠢᠷ᠂ ᠴᠠᠰᠤᠨ ᠰᠢᠬᠢᠷ᠂ ᠮᠥᠬᠦᠯᠢᠭᠲᠦ ᠰᠢᠬᠢᠷ ᠵᠡᠷᠭᠡ ᠡᠯᠳᠡᠪ ᠵᠦᠢᠯ ᠤᠨ ᠠᠮᠳᠠᠳᠤ ᠦᠢᠯᠡᠳᠬᠦᠨ ᠢ ᠪᠣᠯᠪᠠᠰᠤᠷᠠᠭᠤᠯᠵᠤ  ᠭᠠᠷᠭᠠᠨᠨ᠎ᠠ᠃    ᠰᠢᠯᠢ ᠶᠢᠨ ᠭᠤᠤᠯ ᠠᠶᠢᠮᠠᠭ ᠤᠨ ᠪᠠᠶ ᠬᠤᠶ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠵᠢᠶᠠᠨ ᠵᠢᠶᠦ᠋ᠨ᠄ ︽ ᠡᠨᠡ ᠵᠢᠯ ᠮᠠᠨ ᠤ ᠺᠣᠮᠫᠠᠨᠢ ᠶᠢᠨ ᠬᠢᠨ ᠪᠠᠷᠤᠭ 84 ᠲᠦᠮᠡᠨ ᠲᠣᠨ ᠰᠢᠬᠢᠷ ᠯᠤᠤᠪᠠᠩ ᠬᠤᠳᠠᠯᠳᠤᠨ ᠠᠪᠤᠨ᠎ᠠ᠂ 10 ᠰᠠᠷ᠎ᠠ ᠶᠢᠨ 11 ᠤ ᠡᠳᠦᠷ ᠠᠴᠠ ᠵᠢᠩᠬᠢᠨᠢ ᠪᠠᠷ ᠦᠢᠯᠡᠳᠪᠦᠷᠢᠯᠡᠯ ᠡᠬᠢᠯᠡᠭᠰᠡᠨ᠂  ᠵᠢᠱᠢᠯᠳᠡ ᠪᠠᠷ 10 ᠲᠦᠮᠡᠨ ᠲᠣᠨ ᠰᠢᠬᠢᠷ ᠦᠢᠯᠡᠳᠪᠦᠷᠢᠯᠡᠵᠦ᠂ ᠦᠢᠯᠡᠳᠪᠦᠷᠢᠯᠡᠯ ᠤᠨ ᠥᠷᠲᠡᠭ 6 ᠳ᠋ᠦᠩᠰᠢᠭᠤᠷ  ᠬᠦᠷᠦᠨ᠎ᠡ  ᠂ ᠮᠠᠨ ᠤ ᠺᠤᠮᠫᠠᠨᠢ ᠨᠢ ᠤᠳᠤᠬᠠᠨ ᠳᠠᠭᠠᠨ 560  ᠭᠠᠷᠤᠢ ᠬᠦᠮᠦᠨ ᠢ ᠲᠠᠶᠢᠴᠢᠯᠠᠨ ᠠᠵᠢᠯ ᠤᠯᠭᠤᠵᠤ ᠪᠠᠶᠢᠭ᠎ᠠ︾᠃    ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠥᠨᠳᠥᠷ ᠦᠷ᠎ᠡ ᠠᠰᠢᠭᠳᠤ ᠲᠠᠷᠢᠶᠠᠯᠠᠩ ᠤᠨ ᠦᠢᠯᠡᠰ ᠢ ᠬᠦᠭᠵᠢᠬᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠵᠦ ᠢᠷᠡᠭᠰᠡᠨ ᠪᠠᠶᠢᠨ᠎ᠠ᠃ ᠲᠤᠰ ᠬᠤᠰᠢᠭᠤ ᠨᠢ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠲᠦᠰᠢᠭᠯᠡᠨ᠂ ᠰᠢᠬᠢᠷ ᠯᠤᠤᠪᠠᠩ ᠲᠠᠷᠢᠬᠤ ᠰᠠᠨᠠᠭ᠎ᠠ ᠲᠠᠢ ᠲᠠᠷᠢᠶᠠᠴᠢᠨ ᠡᠷᠦᠬᠡ ᠶᠢ ᠵᠤᠷᠢᠬᠵᠢᠭᠤᠯᠵᠤ ᠪᠠᠶᠢᠭᠠᠳ ᠠᠵᠤ ᠠᠬᠤᠶᠢᠯᠠᠯ ᠲᠠᠢ ᠵᠠᠬᠢᠶᠠᠯᠠᠭ᠎ᠠ ᠶᠢᠨ ᠭᠡᠷ᠎ᠡ ᠲᠤᠭᠳᠠᠭᠤᠯᠵᠤ᠂ ︽ᠠᠵᠤ  ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠬᠡᠪ ᠵᠠᠭᠪᠤᠷ  ᠢᠶᠠᠷ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠲᠡᠯᠬᠡᠷᠡᠬᠦᠯᠦᠨ᠂ ᠦᠢᠯᠡᠳᠪᠦᠷᠢᠯᠡᠯ ᠤᠨ ᠪᠦᠬᠦ ᠶᠠᠪᠤᠴᠠ ᠳᠤ ᠠᠵᠤ ᠠᠬᠤᠶᠢᠯᠠᠯ ᠤᠨ ᠬᠢᠨ ᠲᠠᠷᠢᠶᠠᠴᠢᠳ ᠲᠤ ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠲᠠᠷᠢᠭᠰᠠᠨ ᠤ ᠳᠠᠷᠠᠭ᠎ᠠ ᠭᠡᠷ᠎ᠡ ᠶᠣᠰᠣᠭᠠᠷ ᠰᠢᠬᠢᠷ ᠯᠤᠤᠪᠠᠩ ᠢ ᠬᠤᠳᠠᠯᠳᠤᠨ ᠠᠪᠳᠠᠭ ᠪᠠᠶᠢᠨ᠎ᠠ᠃ ᠡᠨᠡ ᠨᠢ ᠵᠠᠬ᠎ᠠ ᠳᠡᠯᠭᠡᠭᠦᠷ ᠤᠨ ᠲᠦᠭᠰᠢᠬᠦᠷᠢ ᠶᠢ ᠪᠠᠭᠠᠰᠬᠠᠵᠤ᠂ ᠲᠠᠷᠢᠶᠠᠯᠠᠩ ᠤᠨ ᠦᠷ᠎ᠡ ᠠᠰᠢᠭ ᠢ ᠶᠡᠬᠡᠰᠭᠡᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠭᠡᠳ᠂  ᠨᠡᠩ ᠣᠯᠠᠨ ᠲᠠᠷᠢᠶᠠᠴᠢᠳ ᠢ ᠪᠠᠶᠠᠵᠢᠯ ᠤᠨ ᠵᠠᠮ ᠳᠤ ᠲᠠᠭᠠᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号