ᠴᠢᠶᠠᠨ ᠶᠢᠨ ᠭᠸᠦ ᠪᠠᠯᠭᠠᠰᠤ᠄ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠢᠨ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/14
 10 ᠰᠠᠷ᠎ᠠ ᠶᠢᠨ 11 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠢᠦᠶ ᠴᠧᠩ ᠭᠦᠸᠧ ᠵᠡᠷᠭᠡ ᠬᠦᠮᠦᠰ ︽ᠲᠠᠷᠢᠶᠠᠯᠠᠬᠤ ᠣᠷᠣᠨ ᠤ ᠮᠠᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ︾  ᠵᠥᠪᠯᠡᠬᠦ ᠰᠡᠳᠦᠪ ᠤᠨ ᠲᠣᠭᠤᠷᠢᠨ ᠳᠤ ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠲᠠ ᠬᠢᠵᠡᠢ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠰᠢᠩ ᠵᠥᠩ ᠪᠠᠷ᠎ᠠ ᠪᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠢᠦ ᠶᠢᠩ ᠫᠠᠨ ᠲᠣᠰᠬᠤᠨ᠂ ᠰᠧ ᠯᠢᠶᠠᠨ ᠲᠣᠰᠬᠤᠨ᠂ ᠵᠢᠶᠠᠨ ᠭᠦᠸᠧ ᠲᠣᠰᠬᠤᠨ᠂ ᠫᠢᠩ ᠴᠤᠸᠠᠨ ᠲᠣᠰᠬᠤᠨ ᠳᠤ ᠬᠦᠨᠵᠡᠬᠡᠶᠢᠷᠡᠵᠦ᠂ ᠠᠰᠠᠭᠤᠨ ᠯᠠᠪᠯᠠᠬᠤ ᠪᠠ ᠲᠤᠭᠤᠷᠢᠨ ᠪᠠᠶᠢᠴᠠᠭᠠᠬᠤ ᠬᠡᠯᠪᠡᠷᠢ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠣᠳᠣᠬᠢ ᠪᠠᠶᠢᠳᠠᠯ ᠪᠠ ᠲᠤᠯᠭᠠᠷᠠᠭᠰᠠᠨ ᠬᠦᠴᠢᠷᠳᠡᠯ ᠢ ᠨᠠᠷᠢᠨ  ᠤᠶᠢᠯᠠᠭᠠᠭᠰᠠᠨ ᠪᠦᠭᠡᠳ ᠮᠠᠯ ᠤᠨ ᠵᠠᠷᠤᠴᠠᠭᠤᠯᠤᠯᠳᠠ᠂  ᠡᠪᠡᠰᠦ ᠪᠤᠷᠳᠤᠭᠠᠨ ᠤ ᠨᠦᠬᠡᠴᠡᠯᠡᠯᠳᠡ᠂ ᠠᠵᠤ ᠠᠬᠤᠶ ᠶᠢᠨ ᠦᠷ᠎ᠡ ᠠᠰᠢᠭ ᠵᠡᠷᠭᠡ ᠲᠠᠯᠠᠪᠠᠷ ᠲᠠᠷᠢᠶᠠᠴᠢᠳ ᠲᠠᠢ ᠰᠠᠨᠠᠯ ᠪᠤᠳᠤᠯ ᠢᠶᠠᠨ ᠰᠣᠯᠢᠯᠴᠠᠵᠤ᠂ ᠠᠷᠭᠠᠴᠠᠬᠤ ᠠᠷᠭ᠎ᠠ ᠪᠣᠳᠣᠯᠭ᠎ᠠ ᠶᠢ ᠵᠦᠪᠳᠡᠯᠴᠡᠨ᠂ ᠲᠠᠷᠢᠶᠠᠴᠢᠳ ᠤᠨ ᠰᠠᠨᠠᠯ ᠰᠠᠨᠠᠭᠤᠯᠭ᠎ᠠ ᠶᠢ ᠰᠤᠨᠤᠰᠤᠭᠰᠠᠨ ᠪᠠᠶᠢᠨ᠎ᠠ᠃ ᠳᠠᠷᠠᠭ᠎ᠠ ᠨᠢ ᠪᠠᠯᠭᠠᠰᠤᠨ ᠤ ᠵᠠᠰᠠᠭ ᠤᠨ ᠣᠷᠳᠣᠨ ᠳᠤ ᠶᠠᠷᠢᠯᠴᠠᠬᠤ ᠬᠤᠷᠠᠯ ᠬᠢᠵᠦ᠂  ᠪᠠᠯᠭᠠᠰᠤᠨ ᠤ ᠮᠠᠯ ᠠᠵᠤ ᠠᠬᠤᠶ ᠶᠢᠨ ᠠᠵᠢᠯ ᠤᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠵᠢᠴᠢ ᠣᠲᠣ ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠬᠦ ᠲᠤᠬᠠᠶ ᠤᠯᠠᠨ ᠤ ᠰᠠᠨᠠᠯ ᠢ ᠰᠤᠨᠤᠰᠤᠭᠰᠠᠨ ᠬᠠᠮᠲᠤ᠂ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ᠂  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠲᠡᠵᠢᠭᠡᠨ ᠦᠷᠡᠵᠢᠭᠦᠯᠬᠦ ᠡᠷᠦᠬᠡ ᠶᠢᠨ ᠲᠥᠯᠥᠭᠡᠯᠡᠭᠴᠢ ᠨᠠᠷ ᠠᠴᠠ ᠰᠢᠨ᠎ᠡ ᠮᠠᠯᠴᠢᠨ ᠤ ᠨᠡᠶᠢᠲᠡᠯᠢᠭ ᠵᠢᠱᠢᠶ᠎ᠡ ᠶᠢ ᠬᠥᠮᠦᠵᠢᠭᠦᠯᠬᠦ᠂ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠤᠶᠢᠰᠢᠳᠠ ᠶᠢᠨ ᠠᠵᠢᠯ ᠤᠨ ᠲᠦᠰᠦᠪ  ᠲᠦᠯᠦᠪᠯᠡᠭᠡ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠬᠤ ᠳᠠᠭᠠᠨ᠂ ᠮᠠᠯ ᠠᠵᠤ ᠠᠬᠤᠢ ᠪᠣᠯ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠠ ᠳᠠᠪᠠᠭᠤᠯᠢᠭ ᠠᠵᠤ ᠦᠢᠯᠡᠰ ᠪᠠᠶᠢᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢᠨ ᠦᠨᠳᠦᠰᠦ ᠪᠤᠯᠤᠨ᠎ᠠ᠂ ᠠᠮᠢ ᠠᠬᠤᠢ ᠶᠢ ᠬᠠᠮᠠᠭᠠᠯᠠᠬᠤ ᠪᠠ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠲᠡᠵᠢᠬᠡᠨ ᠦᠷᠡᠵᠢᠬᠦᠯᠬᠦ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠮᠠᠯᠵᠢᠯ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠭᠳᠠᠭᠠᠨ᠂ ᠡᠬᠦᠯᠳᠡᠷ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠰᠠᠶᠢᠨ ᠡᠭᠦᠯᠳᠡᠷ ᠤᠨ ᠬᠠᠷᠢᠴᠠᠯ ᠢ ᠨᠡᠮᠡᠭᠳᠡᠬᠦᠯᠦᠨ᠂ ᠮᠠᠯ ᠪᠡᠯᠴᠢᠭᠡᠷ ᠢ ᠲᠡᠩᠴᠡᠭᠦᠷᠢᠲᠡᠢ ᠬᠦᠭᠵᠢᠬᠦᠯᠪᠡᠯ ᠵᠤᠬᠢᠨ᠎ᠠ᠃ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠰᠢᠪᠲᠤᠯᠤᠯᠲᠠ ᠶᠢᠨ ᠴᠡᠭ  ᠪᠤᠯᠭᠠᠨ᠂ ᠰᠢᠯᠢᠳᠡᠭ ᠰᠠᠶᠢᠨ ᠠᠷᠭ᠎ᠠ ᠲᠤᠷᠰᠢᠯᠭ᠎ᠠ ᠶᠢ ᠳ᠋ᠦᠩᠨᠡᠵᠦ᠂ ᠮᠠᠯ ᠠᠵᠤ ᠠᠬᠤᠶ ᠶᠢᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠠᠷᠢᠨ ᠬᠢᠨᠠᠮᠠᠭᠠᠶ ᠵᠠᠳᠠᠯᠤᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠮᠠᠯ ᠠᠵᠤ ᠠᠬᠤᠶ ᠶᠢᠨ ᠬᠥᠭᠵᠢᠯᠲᠡ ᠶᠢᠨ ᠲᠤᠬᠠᠶ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠰᠤᠨᠤᠰᠤᠨ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠪᠡ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号