ᠶᠠᠭᠤ ᠶᠢ ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠤᠷ ᠭᠡᠬᠦ ᠪᠤᠢ︖ ᠱᠠᠰᠢᠨ ᠰᠤᠷᠲᠠᠬᠤᠨ ᠤ ᠬᠢᠨ ᠨᠡᠶᠢᠲᠡ ᠶᠢᠨ ᠠᠰᠠᠷᠠᠮᠵᠢ ᠶᠢᠨ ᠪᠤᠶᠠᠨ ᠤ ᠠᠵᠢᠯᠯᠠᠭ᠎ᠠ ᠥᠷᠨᠢᠭᠦᠯᠵᠦ ᠪᠣᠯᠬᠤ ᠤᠤ︖
ᠨᠡᠶᠢᠲᠡᠯᠡᠭᠰᠡᠨ ᠴᠠᠭ᠄
2024/10/15
 ︽ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠳᠠ ᠶᠢᠨ ᠠᠷᠭ᠎ᠠ︾᠎ ᠶᠢ ᠦᠨᠳᠦᠰᠦᠯᠡᠪᠡᠯ᠂ ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠤᠷ ᠬᠡᠳᠡᠭ ᠨᠢ ︽ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠦᠷᠢᠮ︾ ᠵᠡᠷᠬᠡ ᠲᠦᠷᠢᠮ ᠲᠤᠨᠨᠳᠠᠭᠠᠯ ᠤᠨ ᠶᠤᠰᠤᠭᠠᠷ ᠲᠠᠩᠰᠠᠯᠠᠭᠤᠯᠤᠨᠨᠰᠠᠨ ᠰᠦᠮ᠎ᠡ ᠬᠡᠶᠢᠳ ᠲᠤᠭᠠᠩ ᠪᠠ ᠪᠤᠰᠤᠳ ᠲᠤᠭᠳᠠᠮᠠᠯ ᠲᠠᠯᠠᠪᠤᠷ ᠢ ᠵᠢᠭᠠᠵᠦ ᠪᠤᠢ᠃ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠪᠣᠯ ᠱᠠᠰᠢᠨ ᠰᠤᠷᠲᠠᠬᠤᠨ ᠨᠢ ᠨᠡᠶᠢᠭᠡᠮ ᠤᠨ ᠪᠣᠳᠠᠲᠤ ᠴᠣᠭᠴᠠ ᠪᠣᠯᠤᠭᠰᠠᠨ ᠤ ᠬᠤᠪᠢ ᠳᠠᠬᠢ ᠬᠠᠮᠤᠭ ᠤᠨ ᠴᠢᠬᠤᠯᠠ ᠰᠠᠭᠤᠷᠢᠯᠠᠬᠤ ᠴᠢᠨᠠᠷᠲᠠᠶ ᠬᠦᠴᠦᠨ ᠵᠦᠢᠯ᠂ ᠱᠠᠰᠢᠨ ᠰᠢᠳᠦᠭᠴᠢ ᠣᠯᠠᠨ ᠲᠦᠮᠡᠨ ᠤ ᠱᠠᠰᠢᠨ ᠰᠤᠷᠲᠠᠬᠤᠨ ᠤ ᠱᠠᠭᠠᠷᠳᠠᠯᠭ᠎ᠠ ᠬᠡᠷᠡᠭᠴᠡᠭᠡ ᠶᠢ ᠬᠠᠩᠭᠠᠬᠤ ᠭᠤᠤᠯ ᠲᠠᠯᠠᠪᠤᠷ᠂ ᠮᠦᠨᠴᠦ ᠱᠠᠰᠢᠨ ᠰᠤᠷᠲᠠᠬᠤᠨ ᠤ ᠡᠳᠡᠭᠡᠳ ᠤᠨ ᠰᠤᠷᠭᠠᠯᠳᠠ ᠪᠠ ᠪᠢᠰᠢᠯᠭᠠᠯ ᠬᠢᠬᠦ᠂ ᠱᠠᠰᠢᠨ ᠰᠢᠳᠦᠭᠴᠢᠳ ᠲᠤ ᠦᠢᠯᠡᠴᠢᠯᠡᠬᠦ ᠭᠤᠤᠯ ᠲᠠᠯᠠᠪᠤᠷ ᠮᠦᠨ᠃ ᠱᠠᠱᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠨᠢ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠵᠣᠬᠢᠶᠠᠨ ᠪᠠᠢᠭᠤᠯᠤᠯᠲᠠ ᠪᠤᠯᠤᠨ᠎ᠠ᠃     ᠱᠠᠱᠢᠨ ᠰᠤᠷᠲᠠᠬᠤᠨ ᠤ ᠬᠢᠨ ᠬᠠᠤᠯᠢ ᠶᠣᠰᠣᠭᠠᠷ ᠨᠡᠶᠢᠳᠡ ᠶᠢᠨ ᠠᠰᠠᠷᠠᠮᠵᠢ ᠶᠢᠨ ᠪᠤᠶᠠᠨ ᠤ ᠠᠵᠢᠯᠯᠠᠭ᠎ᠠ ᠥᠷᠨᠢᠭᠦᠯᠵᠦ ᠪᠣᠯᠤᠨ᠎ᠠ᠃ ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠦᠷᠢᠮ︾᠎ ᠤᠨ ᠲᠠᠪᠢᠨ ᠵᠢᠷᠭᠤᠳᠤᠭᠠᠷ ᠵᠤᠷᠪᠤᠰ ᠲᠤ ︽ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠰᠤᠷᠭᠠᠭᠤᠯᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠨᠢ ᠬᠠᠤᠯᠢ ᠶᠣᠰᠣᠭᠠᠷ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠦᠢᠯᠡᠰ ᠢ ᠡᠷᠭᠢᠯᠡᠵᠦ ᠪᠣᠯᠤᠨ᠎ᠠ᠃ ᠭᠡᠪᠡᠴᠦ ᠶᠠᠮᠠᠷᠪᠠ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ ᠨᠡᠶᠢᠳᠡ ᠶᠢᠨ ᠠᠰᠠᠷᠠᠮᠵᠢ ᠶᠢᠨ ᠪᠤᠶᠠᠨ ᠤ ᠠᠵᠢᠯᠯᠠᠭ᠎ᠠ ᠶᠢ ᠠᠰᠢᠭᠯᠠᠨ ᠱᠠᠰᠢᠨ ᠰᠤᠷᠳᠠᠬᠤᠨ ᠢ ᠵᠢᠭᠠᠵᠤ ᠤᠯᠠᠮᠵᠢᠯᠠᠵᠤ ᠪᠤᠯᠬᠤ ᠦᠭᠡᠢ︾ ᠬᠡᠵᠦ ᠲᠤᠳᠤᠷᠬᠠᠢ ᠲᠤᠭᠳᠠᠭᠠᠭᠰᠠᠨ ᠪᠠᠶᠢᠳᠠᠭ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号