ᠶᠠᠭᠤ ᠶᠢ ᠱᠠᠰᠢᠨ ᠰᠤᠷᠳᠠᠬᠤᠨ ᠤ ᠬᠡᠪ ᠤᠨ ᠠᠵᠢᠯᠯᠠᠭ᠎ᠠ ᠭᠡᠬᠦ ᠪᠤᠢ︖ ᠬᠠᠤᠯᠢ ᠶᠣᠰᠣᠨ ᠤ ᠱᠠᠰᠢᠨ ᠰᠤᠷᠳᠠᠬᠤᠨ ᠤ ᠠᠵᠢᠯᠯᠠᠭ᠎ᠠ ᠪᠣᠯᠣᠨ ᠬᠠᠤᠯᠢ ᠪᠤᠰᠤ ᠱᠠᠰᠢᠨ ᠰᠤᠷᠳᠠᠬᠤᠨ ᠤ ᠠᠵᠢᠯᠯᠠᠭ᠎ᠠ ᠶᠢᠨ ᠢᠯᠭᠠᠭ᠎ᠠ ᠨᠢ ᠶᠠᠭᠤ ᠪᠤᠢ︖
ᠨᠡᠶᠢᠲᠡᠯᠡᠭᠰᠡᠨ ᠴᠠᠭ᠄
2024/10/15
   ᠮᠠᠨ ᠤ ᠤᠯᠤᠰ ᠤᠨ ᠦᠨᠳᠦᠰᠦᠨ ᠬᠠᠤᠯᠢ ᠶᠢᠨ ᠭᠤᠴᠢᠨ ᠵᠢᠷᠭᠤᠳᠤᠭᠠᠷ ᠵᠤᠷᠪᠤᠰ ᠲᠤ ︽ᠤᠯᠤᠰ ᠠᠴᠠ ᠱᠠᠱᠢᠨ ᠰᠤᠷᠲᠠᠬᠤᠨ ᠤ ᠬᠡᠪ ‍ᠤᠨ‌ᠠᠵᠢᠯᠯᠠᠭ᠎ᠠ ᠶᠢ ᠬᠠᠮᠠᠭᠠᠯᠠᠨ᠎ᠠ︾ ᠬᠡᠵᠦ ᠲᠣᠭᠲᠠᠭᠠᠭᠰᠠᠨ ᠪᠠᠶᠢᠳᠠᠭ᠃ ︽ᠱᠠᠰᠢᠨ ᠰᠤᠷᠳᠠᠬᠤᠨ ᠤ ᠬᠡᠪ ᠤᠨ ᠠᠵᠢᠯᠯᠠᠭ᠎ᠠ︾᠎ ᠳᠤ ᠭᠤᠤᠯᠳᠠᠭᠤ ᠬᠤᠶᠠᠷ ᠳᠠᠪᠬᠤᠷ ᠠᠭᠤᠯᠭ᠎ᠠ ᠪᠠᠭᠳᠠᠵᠤ ᠪᠤᠢ᠃ ᠨᠢᠭᠡ ᠳᠤ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠳᠦᠷᠢᠮ ᠤᠨ ᠵᠥᠪᠰᠢᠶᠡᠷᠡᠯ ᠤᠨ ᠬᠡᠪᠴᠢᠶᠡᠨ ᠳᠤ ᠬᠢᠬᠦ ᠬᠡᠷᠡᠭᠲᠡᠢ᠃ ᠬᠤᠶᠠᠷ ᠲᠤ ᠱᠠᠰᠢᠨ ᠰᠤᠷᠲᠠᠬᠤᠨ ᠤ ᠠᠵᠢᠯᠯᠠᠭ᠎ᠠ ᠶᠢ ᠱᠠᠰᠢᠨ ᠰᠤᠷᠲᠠᠬᠤᠨ ᠤ ᠶᠣᠰᠣ ᠳᠦᠷᠢᠮ ᠪᠠ  ᠱᠠᠰᠢᠨ ᠰᠤᠷᠲᠠᠬᠤᠨ ᠤ ᠤᠯᠠᠮᠵᠢᠯᠠᠯᠲᠤ ᠳᠠᠳᠬᠠᠯ ᠶᠣᠰᠣᠭᠠᠷ ᠬᠢᠬᠦ ᠬᠡᠷᠡᠭᠲᠡᠢ᠃     ᠡᠩ ᠤᠨ ᠪᠠᠶᠢᠳᠠᠯ ᠳᠤ ᠠᠪᠴᠤ ᠬᠡᠯᠡᠪᠡᠯ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠬᠠᠤᠯᠢ ᠳᠤ ᠨᠡᠶᠢᠴᠡᠬᠦ ᠡᠰᠡᠬᠦ ᠶᠢ ᠡᠷᠭᠢᠯᠡᠬᠦ ᠭᠤᠤᠯ ᠴᠣᠭᠴᠠ᠂ ᠠᠭᠤᠯᠭ᠎ᠠ ᠪᠠ ᠬᠡᠯᠪᠡᠷᠢ᠂ ᠡᠷᠭᠢᠯᠡᠬᠦ ᠭᠠᠵᠠᠷ ᠣᠷᠣᠨ᠂ ᠵᠦᠪᠰᠢᠶ᠋ᠷᠡᠬᠦᠯᠦᠭᠰᠡᠨ ᠠᠯᠬᠤᠮ ᠶᠠᠪᠤᠴᠠ ᠵᠡᠷᠭᠡ ᠲᠠᠯ᠎ᠠ ᠠᠴᠠ ᠮᠠᠭᠠᠳᠯᠠᠯᠲᠠ ᠬᠢᠨ᠎ᠡ᠂ ᠡᠯ᠎ᠡ ᠲᠠᠯ᠎ᠠ ᠪᠠᠷ ᠪᠦᠷ ᠬᠠᠤᠯᠢ ᠶᠢᠨ ᠲᠣᠭᠲᠠᠭᠠᠭᠰᠠᠨ ᠨᠥᠬᠦᠴᠡᠯ ᠱᠠᠭᠠᠷᠳᠠᠯᠭ᠎ᠠ ᠳᠤ ᠨᠡᠶᠢᠴᠡᠭᠰᠡᠨ ᠪᠤᠯ ᠬᠠᠤᠯᠢ ᠶᠣᠰᠣᠨ ᠤ ᠱᠠᠰᠢᠨ ᠰᠤᠷᠲᠠᠬᠤᠨ ᠤ ᠠᠵᠢᠯᠯᠠᠭ᠎ᠠ ᠪᠠᠶᠢᠵᠤ᠂ ᠶᠠᠮᠠᠷ ᠨᠢᠬᠡ ᠲᠠᠯ᠎ᠠ ᠪᠠᠷ ᠬᠠᠤᠯᠢ ᠶᠢᠨ ᠲᠣᠭᠲᠠᠭᠠᠭᠰᠠᠨ ᠨᠥᠬᠦᠴᠡᠯ ᠱᠠᠭᠠᠷᠳᠠᠯᠭ᠎ᠠ ᠳᠤ ᠨᠡᠶᠢᠴᠡᠬᠦ ᠥᠬᠡᠶ ᠪᠤᠯ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠪᠤᠯᠤᠨ᠎ᠠ᠃ ᠱᠠᠰᠢᠨ ᠰᠤᠷᠲᠠᠬᠤᠨ ᠤ ᠠᠵᠢᠯᠯᠠᠭ᠎ᠠ ᠨᠢ ᠬᠠᠤᠯᠢ ᠳᠦᠷᠢᠮ ᠤᠨ ᠬᠤᠷᠢᠭ᠎ᠠ ᠴᠠᠭᠠᠵᠠ ᠶᠢ ᠵᠥᠷᠢᠴᠡᠭᠰᠡᠨ ᠪᠤᠯ ᠪᠠᠰᠠ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠳᠤ ᠲᠣᠭᠠᠴᠠᠭᠳᠠᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号