ᠵᠤᠤ ᠬᠤᠢ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/10/15
 10 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠣᠣ ᠬᠤᠶ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠵᠤ  ᠵᠢᠭᠠᠨ ᠵᠢᠯᠣᠭᠤᠳᠪᠠ᠃ ᠵᠤᠤ ᠬᠤᠢ ᠵᠡᠷᠭᠡ ᠬᠦᠮᠦᠰ ᠤᠷᠢᠳ ᠬᠤᠵᠢᠳ ᠰᠢᠩ ᠹᠦ᠋ ᠰᠢᠶᠠᠩ ᠤᠨ ᠼᠦᠩ ᠭᠤᠸᠠᠩ ᠲᠣᠰᠬᠤᠨ᠂ ᠴᠢᠶᠠᠨ ᠶᠢᠨ ᠭᠸᠤ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠶᠦᠩ ᠹᠧᠩ ᠪᠠᠯᠭᠠᠰᠤᠨ ᠤ ᠱᠦᠢ ᠴᠢᠤᠸᠠᠨ ᠭᠸᠤ ᠲᠣᠰᠬᠤᠨ ᠳᠤ ᠭᠦᠨᠵᠡᠭᠡᠶᠢᠷᠡᠵᠦ᠂ ︽ᠭᠤᠷᠪᠠ ᠶᠢ ᠪᠠᠲᠤᠯᠠᠬᠤ︾᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠣᠷᠣᠨ ᠰᠠᠭᠤᠴᠠ ᠪᠠ ᠤᠰᠤ ᠤᠮᠳᠠ ᠶᠢᠨ ᠠᠮᠤᠷ ᠲᠦᠪᠰᠢᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ  ᠵᠠᠰᠠᠯᠳᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢ ᠲᠤᠭᠤᠷᠢᠨ ᠰᠤᠷᠪᠤᠯᠵᠢᠯᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ  ᠤᠶᠢᠯᠠᠭᠠᠵᠠᠢ᠃ ᠵᠤᠤ ᠬᠤᠢ ᠦᠨᠳᠦᠰᠦᠨ ᠱᠠᠲᠤᠨ ᠤ ᠺᠠᠳ᠋ᠷᠴᠤᠳ ᠲᠤ ᠡᠯ᠎ᠡ ᠲᠦᠷᠦᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠢ ᠠᠩᠬᠠᠷᠤᠨ ᠬᠠᠯᠠᠮᠵᠢᠯᠠᠵᠤ᠂ ᠤᠯᠠᠨ ᠲᠦᠮᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠯ ᠢ ᠨᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠭᠡᠵᠦ ᠵᠠᠬᠢᠭᠰᠠᠨ ᠪᠦᠭᠡᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠰᠠᠶᠢᠨ ᠬᠢᠵᠦ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠠᠳᠬᠤᠨ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠤᠤ ᠬᠤᠢ ᠪᠠᠰᠠ ᠺᠠᠢ ᠳ᠋ᠠ ᠲᠦᠮᠦᠰᠦᠨ ᠤ ᠦᠢᠯᠡᠰ ᠤᠨ ᠲᠦᠷᠦᠯ ᠵᠦᠢᠯ ᠤᠨ ᠤᠷᠤᠨ ᠳᠤ ᠭᠦᠨᠵᠡᠭᠡᠶᠢᠷᠡᠵᠦ᠂ ᠲᠦᠷᠦᠯ ᠵᠦᠢᠯ ᠤᠨ ᠠᠬᠢᠴᠠ ᠵᠡᠷᠭᠡ ᠵᠡᠷᠭᠡ ᠶᠢ ᠪᠠᠶᠢᠴᠠᠭᠠᠨ ᠤᠶᠢᠯᠠᠭᠠᠭᠰᠠᠨ ᠪᠠᠶᠢᠨ᠎ᠠ᠃ ᠳ᠋ᠠᠶ ᡁᠢ ᠷᠦᠢ᠂ ᠯᠢ ᠵᠠᠨ ᠪᠦᠦ ᠵᠢᠴᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号