ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ  ᠬᠢᠨ ᠭᠤᠣᠯ ᠰᠡᠳᠦᠪᠲᠦ ᠬᠦᠳᠡᠯᠪᠦᠷᠢ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/10/15
  10 ᠰᠠᠷ᠎ᠠ ᠶᠢᠨ 12 ᠤᠨ ᠡᠳᠦᠷ᠂ ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠢ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠵᠤ ︽ᠨᠠᠮ ᠤᠨ ᠢᠶᠠᠨ ᠠᠴᠢ ᠳᠤ ᠲᠠᠯᠠᠷᠬᠠᠵᠤ  ᠨᠠᠮ ᠤᠨ ᠢᠶᠠᠨ ᠦᠭᠡ ᠶᠢ ᠰᠤᠨᠤᠰᠴᠤ  ᠨᠠᠮ ᠢᠶᠠᠨ ᠲᠠᠭᠠᠵᠤ ᠤᠷᠤᠭᠰᠢᠯᠠᠬᠤ︾ ᠵᠢᠴᠢ ︽ᠳᠡᠷᠭᠡᠳᠡᠬᠢ ᠰᠢᠨ᠎ᠡ ᠬᠤᠪᠢᠷᠠᠯᠲᠠ ᠪᠠᠨ ᠬᠠᠷᠠᠬᠤ︾ ᠭᠤᠤᠯ ᠰᠡᠳᠦᠪᠲᠦ ᠬᠦᠳᠡᠯᠪᠦᠷᠢ ᠠᠵᠢᠯᠯᠠᠭ᠎ᠠ ᠦᠷᠨᠢᠬᠦᠯᠵᠡᠢ᠃  ᠤᠯᠠᠨ ᠢᠶᠠᠷ ᠢᠶᠠᠨ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠭᠠᠵᠠᠷ᠂ ᠪᠤᠤᠴᠠᠩ ᠰᠣᠶᠣᠯ ᠤᠨ ᠴᠡᠴᠡᠷᠯᠢᠭ ᠲᠤ ᠬᠦᠷᠴᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠳᠠ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ᠂  ᠠᠷᠠᠳ ᠤᠨ ᠠᠮᠢᠳᠤᠷᠠᠯ ᠤᠨ ᠰᠠᠶᠢᠵᠢᠷᠠᠯᠳᠠ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠦᠷ᠎ᠡ ᠪᠦᠲᠦᠮᠵᠢ ᠶᠢ  ᠬᠠᠷᠠᠵᠤ ᠤᠶᠢᠯᠠᠭᠠᠭᠰᠠᠨ ᠪᠠᠶᠢᠯ᠎ᠠ᠃ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ᠰᠢᠨ᠎ᠡ ᠴᠠᠭ ᠦᠶ᠎ᠡ   ᠳᠠᠬᠢ ᠲᠠᠶᠢᠹᠤᠰᠧ ᠬᠤᠰᠢᠭᠤᠨ ᠤ ᠪᠠᠨ ᠬᠦᠭᠵᠢᠯᠳᠡ ᠬᠤᠪᠢᠷᠠᠯᠲᠠ ᠶᠢ ᠲᠡᠯᠬᠡᠨ ᠶᠠᠷᠢᠯᠴᠠᠵᠤ᠂ ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠢᠯᠡᠳᠭᠡᠵᠡᠭᠡᠪᠡ᠃    ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯᠲᠠᠨ ᠹᠠᠨ ᠵᠢᠤᠢ ᠾᠧᠩ᠄ ︽ᠥᠨᠥᠳᠦᠷ ᠪᠢᠳᠡ ᠡᠨᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠮᠠᠨ ᠤ ᠬᠤᠰᠢᠭᠤᠨ ᠤ ᠪᠠᠨ ᠬᠤᠲᠠ ᠪᠠᠯᠭᠠᠰᠤᠨ ᠤ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠳᠤ ᠭᠠᠷᠤᠭᠰᠠᠨ ᠠᠰᠤᠷᠤ ᠶᠡᠭᠡ ᠬᠤᠪᠢᠷᠠᠯᠲᠠ ᠶᠢ ᠣᠯᠵᠤ ᠬᠠᠷᠠᠯ᠎ᠠ᠃ ᠵᠡᠭᠡᠯᠢ ᠭᠤᠳᠤᠮᠵᠢ ᠤᠯᠠᠮ ᠠᠴᠠ ᠤᠯᠠᠮ ᠴᠡᠪᠡᠷ ᠴᠡᠮᠴᠡᠭᠡᠷ ᠪᠣᠯᠵᠤ᠂ ᠰᠠᠭᠤᠷᠢ ᠲᠥᠬᠦᠭᠡᠷᠦᠮᠵᠢ ᠤᠯᠠᠮ ᠠᠴᠠ ᠤᠯᠠᠮ ᠪᠦᠷᠢᠨ ᠲᠡᠬᠦᠯᠳᠡᠷ ᠪᠤᠯᠵᠠᠢ᠂  ᠬᠤᠰᠢᠭᠤ ᠨᠤᠳᠤᠭ ᠤᠨ ᠢᠶᠠᠨ ᠤᠯᠠᠮ ᠠᠴᠠ ᠤᠯᠠᠮ ᠬᠦᠭᠵᠢᠨ ᠭᠤᠶᠤᠵᠢᠬᠤ ᠶᠢ ᠬᠦᠰᠡᠵᠦ ᠪᠠᠶᠢᠨ᠎ᠠ︾  ᠃   ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯᠳᠠᠨ ᠮᠠ ᠶᠦᠨ ᠲᠤᠤ᠄ ︽ᠥᠨᠥᠳᠦᠷ ᠤᠨ ᠠᠵᠢᠯᠯᠠᠭ᠎ᠠ ᠪᠠᠷ ᠲᠠᠮᠵᠢᠭᠠᠳ ᠤᠶᠢᠷ᠎ᠠ ᠶᠢᠨ ᠬᠡᠳᠦᠨ ᠵᠢᠯ ᠳᠤ ᠲᠠᠶᠢᠹᠤᠰᠧ ᠬᠤᠰᠢᠭᠤᠨ ᠳᠤ ᠭᠠᠷᠤᠭᠰᠠᠨ ᠲᠡᠭᠷᠢ ᠭᠠᠵᠠᠷ ᠲᠤᠩᠰᠤᠯᠭᠠᠮ᠎ᠠ ᠬᠦᠭᠵᠢᠯ ᠬᠤᠪᠢᠷᠠᠯᠲᠠ ᠶᠢ ᠤᠯᠵᠤ ᠬᠠᠷᠠᠯ᠎ᠠ᠂ ᠮᠦᠨᠴᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ᠂ ᠠᠷᠠᠳ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠳᠡᠭᠡᠭᠰᠢᠯᠡᠭᠦᠯᠬᠦ ᠳᠤ ᠶᠡᠭᠡᠭᠡᠨ ᠴᠢᠷᠮᠠᠶᠢᠯᠭ᠎ᠠ ᠭᠠᠷᠭᠠᠭᠰᠠᠨ ᠭᠡᠳᠡᠭ ᠢ ᠤᠶᠢᠯᠠᠭᠠᠯ᠎ᠠ᠃ ᠢᠷᠡᠭᠡᠳᠦᠢ ᠳᠤ ᠲᠠᠶᠢᠹᠤᠰᠧ ᠬᠤᠰᠢᠭᠤ ᠮᠢᠨᠢ ᠤᠯᠠᠮ ᠰᠠᠶᠢᠨ ᠬᠦᠭᠵᠢᠵᠦ ᠮᠠᠨᠳᠤᠨ᠎ᠠ ᠭᠡᠳᠡᠭ   ᠲᠤ ᠪᠢᠳᠡ ᠪᠦᠬᠦᠨ ᠢᠳᠡᠭᠡᠯ ᠲᠠᠢ ᠪᠠᠶᠢᠨ᠎ᠠ︾᠃
 
ᠢᠷᠡᠯᠲᠡ᠄ ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号