ᠲᠠᠶᠢᠹᠤᠰᠧ ᠬᠤᠰᠢᠭᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠰᠤᠮᠤ ᠰᠢᠶᠠᠩ ᠪᠠᠯᠭᠠᠰᠤ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ᠂ ᠨᠠᠮ ᠤᠨ | ᠦᠨᠳᠦᠰᠦᠲᠡᠨ ᠤ ᠣᠨᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠭᠡᠨ ᠢᠶᠠᠷ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠴᠦᠨ ᠢ ᠨᠢᠭᠲᠠᠷᠠᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ ᠪᠠᠶᠢᠨ᠎ᠠ᠃ | — — ᠤᠯᠤᠰ ᠲᠦᠷᠦ ᠶᠢᠨ ᠵᠢᠯᠤᠭᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ | ᠪᠦᠯᠬᠦᠮᠳᠡᠯ ᠤᠨ ︽ᠬᠠᠨᠳᠤᠰᠢ︾ ᠢ ᠲᠤᠳᠤᠷᠬᠠᠶᠢᠯᠠᠭᠰᠠᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠢ ᠰᠠᠭᠤᠷᠢ ᠴᠢᠨᠠᠷᠲᠠᠶ ᠠᠵᠢᠯ ᠪᠣᠯᠭᠠᠨ ᠠᠳᠬᠤᠵᠤ᠂ ᠨᠠᠮ ᠵᠠᠰᠠᠭ ᠤᠨ ︽ᠨᠢᠭᠡᠳᠦᠭᠡᠷ ᠭᠠᠷ︾ ᠶᠡᠷᠦᠩᠬᠡᠶᠢᠯᠡᠨ | ᠠᠳᠬᠤᠵᠤ ᠪᠡᠶ᠎ᠡ ᠪᠠᠷ ᠢᠶᠠᠨ ᠪᠠᠶᠢᠷᠢᠯᠠᠭᠤᠯᠬᠤ ᠶᠢ ᠪᠠᠷᠢᠮᠳᠠᠯᠠᠨ᠂ ᠦᠨᠳᠦᠰᠦᠲᠡᠨ ᠤ ᠠᠵᠢᠯ ᠢ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠡᠭᠡᠨ ᠤᠷᠤᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ | ᠬᠢᠨᠠᠮᠠᠭᠠᠶ ᠬᠦᠢᠴᠡᠳᠭᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ | ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠪᠤᠳᠠᠳᠠᠢ | ᠳᠤ ᠨᠠᠶᠢᠳᠠᠪᠤᠷᠢᠵᠢᠬᠤ ᠶᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠣᠷᠣᠰᠢᠵᠤ | ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠳᠡᠭᠡᠳᠦ ᠱᠠᠲᠤᠨ ᠤ ᠡᠭᠦᠳᠦᠨ ᠪᠠᠶᠢᠭᠤᠯᠬᠤ | ᠠᠵᠢᠯ ᠤᠨ ᠪᠣᠳᠠᠲᠠᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠮ ᠤᠨ ᠤᠳᠤᠷᠢᠳᠤᠯᠭ᠎ᠠ ᠶᠢ | ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠭᠡᠷᠡᠭᠵᠢᠬᠦᠯᠵᠦ᠂ ᠡᠭᠦᠳᠦᠨ ᠪᠠᠶᠢᠭᠤᠯᠬᠤ ᠠᠵᠢᠯ ᠤᠨ | ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠳᠤᠯᠠᠭᠰᠠᠨ ᠪᠠᠶᠢᠨ᠎ᠠ᠃ 2024 ᠣᠨ ᠠᠴᠠ | ᠨᠠᠰᠢ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠨᠢ ᠲᠦᠪᠯᠡᠷᠡᠭᠰᠡᠨ ᠰᠤᠷᠤᠯᠴᠠᠯᠭ᠎ᠠ ᠶᠢ 100 ᠭᠠᠷᠤᠶ | ᠤᠳᠠᠭ᠎ᠠ ᠡᠷᠬᠢᠯᠡᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾᠂ ︽ᠨᠠᠮ ᠤᠨ ᠢᠶᠠᠨ ᠠᠴᠢ | ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠤᠨᠤᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠭᠤᠤᠯ | ᠰᠡᠳᠦᠪᠲᠦ ᠤᠬᠠᠭᠤᠯᠭ᠎ᠠ ᠲᠠᠶᠢᠯᠤᠮᠵᠢ ᠶᠢ ᠬᠢᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠶ ᠤᠬᠠᠮᠰᠠᠷ | ᠲᠠᠨᠢᠯᠲᠠ ᠶᠢ ᠤᠯᠠᠮ ᠭᠦᠨᠵᠡᠭᠡᠶᠢᠷᠡᠭᠦᠯᠪᠡ᠃ | — — ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠲᠡᠨ ᠤ ᠪᠦᠯᠬᠦᠮᠳᠡᠯ ᠤᠨ ︽ᠵᠢᠷᠭᠠᠯ ᠤᠨ ᠲᠠᠭᠤᠨ︾ ᠢ ᠴᠤᠤᠷᠢᠶᠠᠳᠤᠭᠤᠯᠤᠭᠰᠠᠨ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠣᠯᠭᠤᠯᠲᠠ᠂ ᠡᠮᠨᠡᠯᠭᠡ ᠶᠢᠨ ᠪᠠᠲᠤᠯᠠᠭ᠎ᠠ᠂ ᠨᠠᠰᠤᠵᠢᠯ ᠤᠨ | ᠠᠰᠠᠷᠠᠮᠵᠢ ᠵᠡᠷᠭᠡ ᠬᠦᠷᠢᠶ᠎ᠡ ᠴᠠᠷᠠᠭᠠᠨ ᠤ ᠬᠥᠭᠵᠢᠯᠲᠡ ᠶᠢ ᠪᠣᠳᠠᠲᠠᠢ ᠠᠳᠬᠤᠵᠤ᠂ ᠰᠠᠭᠤᠷᠢ ᠲᠥᠬᠦᠭᠡᠷᠦᠮᠵᠢ ᠶᠢᠨ | ᠪᠠᠶᠢᠭᠤᠯᠤᠯᠲᠠ ᠶᠢ ᠲᠡᠬᠦᠯᠳᠡᠷᠵᠢᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠣᠳᠠᠰ ᠤᠨ ᠰᠠᠭᠤᠷᠢ ᠶᠢ ᠪᠠᠬᠢᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠣᠯᠤᠨ | ᠪᠠᠳᠤᠯᠠᠭᠠᠨ ᠤ ᠲᠦᠪᠰᠢᠨ ᠢ ᠳᠡᠭᠡᠭᠰᠢᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠠᠶᠢᠭᠤᠯᠬᠤ ᠶᠢ ᠬᠦᠴᠦᠯᠡᠨ ᠠᠬᠢᠭᠤᠯᠪᠠ᠃ ︽ ᠪᠦᠷᠢᠨ ᠴᠢᠳᠠᠮᠵᠢᠳᠤ ᠺᠠᠷᠲ︾ ᠤᠨ ᠰᠢᠭᠤᠳ ᠬᠦᠷᠭᠡᠬᠦ | ᠲᠣᠭᠲᠠᠴᠠ ᠶᠢ ᠭᠦᠢᠴᠡᠳ ᠠᠰᠢᠭᠯᠠᠨ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠴᠢᠩᠭᠠᠳᠬᠠᠵᠤ᠂ ᠠᠷᠠᠳ ᠣᠯᠠᠨ ᠳᠤ ᠲᠥᠷᠥ ᠶᠢᠨ ᠪᠣᠳᠣᠯᠭ᠎ᠠ ᠶᠢ ᠦᠨᠡᠨᠬᠦ ᠤᠶᠢᠯᠠᠭᠠᠭᠤᠯᠵᠠᠢ᠃ | ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠬᠡᠯᠪᠡᠷᠢ ᠶᠢ ᠦᠷᠭᠦᠯᠵᠢᠯᠡᠨ ᠳᠡᠯᠭᠡᠷᠡᠭᠦᠯᠵᠦ᠂ | 2024 ᠣᠨ ᠳᠤ ᠪᠦᠬᠦ ᠬᠤᠰᠢᠭᠤᠨ ᠤ 13.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠠᠶᠢᠭᠤᠯᠤᠯᠲᠠ ᠶᠢᠨ ᠲᠥᠷᠥᠯ ᠵᠦᠢᠯ ᠢ ᠴᠠᠯᠢᠩ ᠬᠦᠯᠦᠰᠦ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ | ᠬᠡᠷᠡᠭᠵᠢᠭᠦᠯᠵᠦ᠂ ᠣᠲᠣ ᠪᠣᠯᠲᠠᠯ᠎ᠠ ᠨᠢᠭᠡᠨᠲᠡ ᠢᠨᠵᠧᠨᠧᠷᠢᠩ ᠤᠨ ᠠᠬᠢᠴᠠ ᠶᠢᠨ 48 % ᠶᠢ ᠪᠡᠶᠡᠯᠡᠬᠦᠯᠦᠭᠡᠳ᠂ | 1000 ᠲᠦᠮᠡᠨ ᠲᠥᠭᠦᠷᠢᠭ ᠤᠨ ᠬᠥᠯᠥᠰᠥ ᠣᠯᠭᠤᠮᠵᠢ ᠶᠢ ᠤᠯᠭᠤᠭᠠᠳ ᠪᠠᠶᠢᠨ᠎ᠠ᠃ ᠨᠡᠶᠢᠭᠡᠮ ᠲᠣᠭᠤᠷᠢᠭ ᠤᠨ | ᠨᠡᠭᠦᠳᠡᠯ ᠬᠥᠮᠦᠨ ᠠᠮᠠ ᠶᠢᠨ ᠮᠡᠳᠡᠭᠡ ᠵᠠᠩᠭᠢ ᠶᠢᠨ ᠳᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ | ᠲᠣᠭᠤᠷᠢᠭ ᠢᠶᠠᠷ ᠨᠢᠭᠡᠴᠢ ᠪᠣᠯᠭᠠᠨ1600 ᠭᠠᠷᠤᠶ ᠬᠦᠮᠦᠨ ᠤᠳᠠᠭ᠎ᠠ ᠳᠤ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠦᠢᠯᠡᠴᠢᠯᠡᠭᠡ ᠬᠠᠩᠭᠠᠨ᠂ ᠠᠷᠠᠳ ᠤᠯᠠᠨ ᠤ ᠠᠵᠠ ᠵᠢᠷᠭᠠᠯ ᠤᠨ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠨᠡᠮᠡᠭᠳᠡᠬᠦᠯᠪᠡ᠃ | — — ᠠᠭᠤᠷ ᠠᠮᠢᠰᠬᠤᠯ ᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ | ᠪᠦᠯᠬᠦᠮᠳᠡᠯ ᠤᠨ ︽ᠰᠢᠨ᠎ᠡ ᠠᠮᠢᠵᠢᠷᠠᠯ ᠤᠨ ᠬᠦᠴᠦᠨ︾ ᠢ ᠬᠦᠭᠵᠢᠭᠡᠭᠰᠡᠨ᠃ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ | ︾ ᠢᠶᠠᠷ ᠠᠵᠠ ᠲᠣᠬᠢᠶᠠᠯ ᠪᠣᠯᠭᠠᠵᠤ᠂ ᠰᠦᠯᠵᠢᠶ᠎ᠡ ᠬᠤᠯᠪᠤᠭ᠎ᠠ ᠶᠢ ᠠᠰᠢᠭᠯᠠᠬᠤ᠂ ᠤᠬᠠᠭᠤᠯᠭ᠎ᠠ ᠲᠠᠶᠢᠯᠤᠮᠵᠢ ᠬᠢᠬᠦ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠪᠢᠴᠢᠭᠡᠰᠦ ᠨᠠᠭᠠᠬᠤ ᠵᠡᠷᠭᠡ ᠤᠯᠠᠨ ᠵᠦᠢᠯ ᠤᠨ | ᠠᠷᠭ᠎ᠠ ᠬᠡᠯᠪᠡᠷᠢ ᠪᠠᠷ ᠨᠠᠮ ᠪᠠ ᠤᠯᠤᠰ ᠤᠨ ᠬᠤᠯᠪᠣᠭᠳᠠᠯ ᠪᠥᠬᠦᠶ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ | ᠲᠦᠷᠢᠮ ᠢ ᠬᠦᠴᠦᠯᠡᠨ ᠤᠬᠠᠭᠤᠯᠬᠤ ᠶᠢᠨ ᠬᠠᠮᠳᠤ᠂ ᠡᠯ᠎ᠡ ᠨᠠᠮ ᠤᠨ ᠡᠭᠦᠷ ᠢᠶᠠᠷ ᠡᠭᠦᠳᠦᠨ ᠪᠠᠶᠢᠭᠤᠯᠬᠤ ᠭᠤᠣᠯ | ᠴᠣᠭᠴᠠ ᠪᠤᠯᠭᠠᠵᠤ᠂ ᠭᠤᠣᠯ ᠰᠡᠳᠦᠪᠲᠦ ᠨᠠᠮ ᠤᠨ ᠡᠳᠦᠷ ᠢ ᠲᠤᠬᠢᠶᠠᠯᠳᠤᠭᠤᠯᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠳᠬ᠎ᠠ ᠤᠷᠠᠯᠢᠭ ᠤᠨ ᠠᠵᠢᠯᠯᠠᠭ᠎ᠠ ᠶᠢ ᠥᠷᠨᠢᠭᠦᠯᠵᠦ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠤᠨ᠂ ᠪᠦᠯᠬᠦᠮᠳᠡᠨ ᠲᠡᠮᠡᠴᠡᠬᠦ ᠬᠦᠴᠦᠨ | ᠴᠢᠳᠠᠯ ᠢ ᠨᠢᠬᠳᠠᠷᠠᠭᠤᠯᠪᠠ᠃ ᠤᠳᠤ ᠪᠣᠯᠲᠠᠯ᠎ᠠ᠂ ᠡᠯ᠎ᠡ ᠰᠤᠮᠤ ᠰᠢᠶᠠᠩ ᠪᠠᠯᠭᠠᠰᠤ ᠨᠢ ᠸᠢᠴᠠᠲ ᠲᠠᠪᠴᠠᠩ ᠢᠶᠠᠷ | ᠲᠠᠮᠵᠢᠨ ᠬᠠᠮᠢᠶ᠎ᠠ ᠪᠥᠬᠦᠶ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡ 100 ᠭᠠᠷᠤᠶ ᠵᠤᠷᠪᠤᠰ ᠨᠡᠶᠢᠳᠡᠯᠡᠭᠰᠡᠨ | ᠪᠦᠭᠡᠳ ᠤᠬᠠᠭᠤᠯᠭ᠎ᠠ ᠶᠢᠨ ᠮᠠᠲ᠋ᠧᠷᠢᠶᠠᠯ ᠢ 10000 ᠭᠠᠷᠤᠶ ᠬᠤᠪᠢ ᠲᠠᠷᠬᠠᠭᠠᠵᠤ᠂ ᠡᠯ᠎ᠡ ᠦᠨᠳᠦᠰᠦᠲᠡᠨ ᠤ | ᠠᠷᠠᠳ ᠢᠷᠭᠡᠳ ᠢ ᠵᠣᠬᠢᠶᠠᠨ ᠪᠠᠶᠢᠭᠤᠯᠵᠤ ︽ᠪᠢᠳᠡᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ | ︾᠂ ︽ᠪᠢᠳᠡᠨ ᠤ ᠪᠠᠶᠠᠷ ᠤᠨ ᠡᠳᠦᠷ · ᠨᠠᠢᠮᠠᠨ ᠰᠠᠷ᠎ᠠ ᠶᠢᠨ ᠠᠷᠪᠠᠨ ᠲᠠᠪᠤᠨ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠶ᠎ᠡ︾ ᠭᠡᠬᠦ ᠮᠡᠳᠦ ᠶᠢᠨ ᠣᠯᠠᠨ | ᠲᠦᠮᠡᠨᠴᠢ ᠴᠢᠨᠠᠷᠲᠠᠶ ᠭᠤᠤᠯ ᠰᠡᠳᠦᠪᠲᠦ ᠬᠦᠳᠡᠯᠪᠦᠷᠢ ᠠᠵᠢᠯᠯᠠᠭ᠎ᠠ ᠶᠢ ᠦᠷᠨᠢᠬᠦᠯᠦᠭᠡᠳ᠂ ᠠᠷᠠᠳ ᠢᠷᠭᠡᠳ ᠲᠤ | ᠤᠯᠠᠮᠵᠢᠯᠠᠯᠲᠤ ᠰᠣᠶᠣᠯ ᠤᠨ ᠪᠠᠶᠠᠯᠢᠭ ᠠᠭᠤᠯᠬᠤᠨ ᠢ ᠮᠡᠳᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ | ᠤ ᠬᠠᠮᠲᠤ ᠪᠠᠷ ᠡᠳ᠋ᠯᠡᠵᠦ ᠬᠠᠮᠲᠤ ᠪᠠᠷ ᠪᠠᠶᠠᠰᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃ |