ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/10/16
  10 ᠰᠠᠷ᠎ᠠ ᠶᠢᠨ 14᠎ ᠤ ᠡᠳᠦᠷ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ  ᠪᠠᠶᠢᠴᠠᠭᠠᠨ ᠰᠤᠳᠤᠯᠬᠤ ᠪᠦᠯᠬᠦᠮ ᠲᠠᠭᠠᠭᠤᠯᠵᠤ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ  ᠰᠤᠳᠤᠯᠵᠠᠢ᠃  ᠪᠠᠶᠢᠴᠠᠭᠠᠨ ᠰᠤᠳᠤᠯᠬᠤ ᠪᠦᠯᠬᠦᠮ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠵᠢᠶᠠᠨ ᠴᠢᠩ ᠵᠡᠷᠭᠡ ᠬᠥᠮᠦᠰ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠪᠤᠤᠴᠠᠩ ᠪᠠᠯᠭᠠᠰᠤᠨ ᠤ ᠱᠧᠩ ᠯᠢ ᠲᠣᠰᠬᠤᠨ᠂ ᠰᠢᠩ ᠹᠦ᠋ ᠰᠢᠶᠠᠩ ᠤᠨ ᠬᠤᠩ ᠭᠧ ᠲᠣᠰᠬᠤᠨ᠂ ᠰᠢᠶᠤᠤ ᠶᠢᠩ ᠫᠠᠨ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠠᠬᠤᠢ ᠲᠠᠯᠠᠪᠠᠶ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠠᠰᠠᠭᠤᠨ ᠯᠠᠪᠯᠠᠵᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ  ᠬᠡᠯᠪᠡᠷᠢ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠶᠠᠪᠤᠴᠠ ᠳᠠᠬᠢ ᠤᠰᠤᠨ ᠠᠰᠢᠭᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠬᠦᠴᠢᠷᠳᠡᠯ ᠢ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠪᠠ᠃ ᠸᠠᠩ ᠵᠢᠶᠠᠨ ᠴᠢᠩ ᠪᠥᠬᠦ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ᠂ ᠠᠵᠢᠯ ᠤᠨ ᠠᠬᠢᠴᠠ ᠪᠤᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠲᠠᠨᠢᠯᠴᠠᠭᠤᠯᠵᠠᠢ᠃ ᠪᠠᠭᠠᠲᠤᠷ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠪᠣᠯ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠭᠦᠢᠴᠡᠳ ᠪᠦᠭᠡᠳ ᠠᠮᠢᠳᠤᠯᠢᠭ ᠢᠶᠠᠷ ᠭᠡᠷᠡᠭᠯᠡᠨ᠂ ᠵᠠᠩᠭᠢᠯᠠᠭ᠎ᠠ ᠶᠢᠨ ᠭᠤᠭᠴᠤᠭ᠎ᠠ ᠶᠢ ᠳᠤᠪᠤᠶᠢᠮ᠎ᠠ ᠰᠠᠶᠢᠲᠤᠷ ᠠᠳᠬᠤᠵᠤ᠂ ᠲᠦᠷᠦᠯ ᠵᠦᠢᠯ ᠎ ᠤᠨ ᠬᠡᠷᠡᠭᠵᠢᠭᠦᠯᠬᠦ ᠠᠬᠢᠴᠠ ᠶᠢ ᠲᠦᠷᠭᠡᠳᠭᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠠᠷᠠᠳ ᠤᠨ ᠰᠡᠳᠬᠢᠯ ᠤᠨ ᠢᠨᠵᠧᠨᠧᠷᠢᠩ ᠪᠤᠯᠭᠠᠵᠤ ᠪᠠᠶᠢᠭᠤᠯᠤᠨ᠂ ᠮᠠᠨ ᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠦᠨᠡᠨ ᠬᠦ ᠪᠠᠬᠢᠵᠢᠭᠦᠯᠬᠦ ᠭᠡᠷᠡᠭᠳᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠠᠲᠠᠭᠤ ᠲᠤᠨᠤᠭ ᠤᠨ  ᠪᠠᠶᠢᠭᠤᠯᠤᠯᠲᠠ ᠳᠤᠮᠳᠠ ᠲᠠᠷᠢᠶᠠᠯᠠᠩ ᠤᠨ ᠦᠢᠯᠡᠳᠪᠦᠷᠢᠯᠡᠯ ᠤᠨ ᠳᠠᠳᠬᠠᠯ ᠪᠠ ᠲᠤᠬᠠᠶ ᠶᠢᠨ ᠭᠠᠵᠠᠷ ᠤᠨ ᠪᠣᠳᠠᠲᠠᠶ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠷᠥᠯ ᠵᠦᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠠᠬᠢᠭᠤᠯᠵᠤ᠂ ᠬᠥᠳᠡᠭᠡ ᠲᠣᠰᠬᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠦᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠢᠵᠢ ᠪᠥᠷᠢᠳᠦᠭᠰᠡᠨ ᠲᠥᠬᠦᠭᠡᠷᠦᠮᠵᠢ ᠎ ᠶᠢᠨ ᠬᠠᠮᠢᠶᠠᠷᠤᠯᠳᠠ ᠪᠠ ᠵᠠᠰᠠᠯᠳᠠ ᠶᠢ ᠴᠢᠩᠭᠠᠳᠬᠠᠨ᠂ ᠲᠠᠷᠢᠶᠠᠴᠢᠳ ᠢ ᠵᠢᠯᠤᠭᠤᠳᠤᠨ ᠡᠳᠦᠷ ᠲᠤᠲᠤᠮ ᠤᠨ ᠬᠠᠮᠠᠭᠠᠯᠠᠯᠲᠠ ᠳᠤ ᠣᠷᠣᠯᠴᠠᠭᠤᠯᠵᠤ᠂ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠲᠠᠶᠢᠴᠢᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号