ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ —  ᠲᠠᠶᠢᠹᠤᠰᠧ ᠬᠤᠰᠢᠭᠤ ︽ᠭᠤᠷᠪᠠ ᠳᠤ ᠠᠩᠬᠠᠷᠤᠯ ᠲᠦᠪᠯᠡᠷᠡᠬᠦᠯᠵᠦ︾ ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠨᠢᠬᠳᠠᠷᠠᠭᠤᠯᠪᠠ
ᠨᠡᠶᠢᠲᠡᠯᠡᠭᠰᠡᠨ ᠴᠠᠭ᠄
2024/10/16
  ᠲᠠᠶᠢᠹᠤᠰᠧ ᠬᠤᠰᠢᠭᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂  ᠰᠤᠮᠤ ᠰᠢᠶᠠᠩ ᠪᠠᠯᠭᠠᠰᠤ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ᠂ ᠨᠠᠮ ᠤᠨ ᠦᠨᠳᠦᠰᠦᠲᠡᠨ ᠤ ᠣᠨᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠴᠦᠨ ᠢ ᠨᠢᠭᠲᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ ᠪᠠᠶᠢᠨ᠎ᠠ᠃     — — ᠤᠯᠤᠰ ᠲᠦᠷᠦ ᠶᠢᠨ ᠵᠢᠯᠤᠭᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ︽ᠬᠠᠨᠳᠤᠰᠢ︾᠎ ᠢ ᠲᠤᠳᠤᠷᠬᠠᠶᠢᠯᠠᠭᠰᠠᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠰᠠᠭᠤᠷᠢ ᠴᠢᠨᠠᠷᠲᠠᠶ ᠠᠵᠢᠯ ᠪᠣᠯᠭᠠᠨ ᠠᠳᠬᠤᠵᠤ᠂ ᠨᠠᠮ ᠵᠠᠰᠠᠭ ᠤᠨ ︽ᠨᠢᠭᠡᠳᠦᠭᠡᠷ ᠭᠠᠷ︾ ᠶᠡᠷᠦᠩᠬᠡᠶᠢᠯᠡᠨ ᠠᠳᠬᠤᠵᠤ ᠪᠡᠶ᠎ᠡ ᠪᠠᠷ ᠢᠶᠠᠨ ᠪᠠᠶᠢᠷᠢᠯᠠᠭᠤᠯᠬᠤ ᠶᠢ ᠪᠠᠷᠢᠮᠳᠠᠯᠠᠨ᠂ ᠦᠨᠳᠦᠰᠦᠲᠡᠨ ᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠤᠷᠤᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠬᠦᠢᠴᠡᠳᠭᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠪᠤᠳᠠᠳᠠᠢ ᠎ ᠳᠤ ᠨᠠᠶᠢᠳᠠᠪᠤᠷᠢᠵᠢᠬᠤ ᠶᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠳᠡᠭᠡᠳᠦ ᠱᠠᠲᠤᠨ ᠤ ᠡᠭᠦᠳᠦᠨ ᠪᠠᠶᠢᠭᠤᠯᠬᠤ ᠠᠵᠢᠯ ᠤᠨ ᠪᠣᠳᠠᠲᠠᠶ ᠱᠠᠭᠠᠷᠳᠠᠯᠭ᠎ᠠ ᠶᠢ ᠪᠦᠬᠦ ᠲᠠᠯ᠎ᠠ ᠪᠠᠷ  ᠲᠤᠤᠱᠯᠠᠭᠤᠯᠤᠨ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠭᠡᠷᠡᠭᠵᠢᠬᠦᠯᠵᠦ᠂ ᠡᠭᠦᠳᠦᠨ ᠪᠠᠶᠢᠭᠤᠯᠬᠤ ᠠᠵᠢᠯ ᠤᠨ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠬᠦ ᠶᠢ ᠦᠨᠡᠨᠬᠦ  ᠪᠠᠳᠤᠯᠠᠭᠰᠠᠨ ᠪᠠᠶᠢᠨ᠎ᠠ᠃ 2024 ᠣᠨ ᠠᠴᠠ ᠨᠠᠰᠢ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠨᠢ ᠲᠦᠪᠯᠡᠷᠡᠭᠰᠡᠨ ᠰᠤᠷᠤᠯᠴᠠᠯᠭ᠎ᠠ ᠶᠢ 100 ᠭᠠᠷᠤᠶ ᠤᠳᠠᠭ᠎ᠠ ᠡᠷᠬᠢᠯᠡᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾᠂ ︽ᠨᠠᠮ ᠤᠨ ᠢᠶᠠᠨ ᠠᠴᠢ ᠎ ᠳᠤ ᠲᠠᠯᠠᠷᠬᠠᠵᠤ᠂ ᠨᠠᠮ ᠤᠨ  ᠎ ᠢᠶᠠᠨ ᠦᠭᠡ ᠶᠢ ᠰᠤᠨᠤᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠭᠤᠤᠯ ᠰᠡᠳᠦᠪᠲᠦ ᠤᠬᠠᠭᠤᠯᠭ᠎ᠠ ᠲᠠᠶᠢᠯᠤᠮᠵᠢ ᠶᠢ ᠬᠢᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠲᠤᠬᠠᠶ ᠤᠬᠠᠮᠰᠠᠷ ᠲᠠᠨᠢᠯᠲᠠ ᠶᠢ ᠤᠯᠠᠮ ᠭᠦᠨᠵᠡᠭᠡᠶᠢᠷᠡᠭᠦᠯᠪᠡ᠃     — — ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ︽ᠵᠢᠷᠭᠠᠯ ᠤᠨ ᠲᠠᠭᠤᠨ︾᠎ ᠢ ᠴᠤᠤᠷᠢᠶᠠᠳᠤᠭᠤᠯᠤᠭᠰᠠᠨ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠣᠯᠭᠤᠯᠲᠠ᠂ ᠡᠮᠨᠡᠯᠭᠡ ᠶᠢᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠬᠦᠷᠢᠶ᠎ᠡ ᠴᠠᠷᠠᠭᠠᠨ ᠤ ᠬᠥᠭᠵᠢᠯᠲᠡ ᠶᠢ ᠪᠣᠳᠠᠲᠠᠢ ᠠᠳᠬᠤᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠬᠦᠯᠳᠡᠷᠵᠢᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠳᠠᠰ ᠤᠨ ᠰᠠᠭᠤᠷᠢ ᠶᠢ ᠪᠠᠬᠢᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠪᠠᠳᠤᠯᠠᠭᠠᠨ ᠤ ᠲᠦᠪᠰᠢᠨ ᠢ ᠳᠡᠭᠡᠭᠰᠢᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠶᠢ ᠬᠦᠴᠦᠯᠡᠨ ᠠᠬᠢᠭᠤᠯᠪᠠ᠃ ︽ ᠪᠦᠷᠢᠨ ᠴᠢᠳᠠᠮᠵᠢᠳᠤ ᠺᠠᠷᠲ︾᠎ ᠤᠨ ᠰᠢᠭᠤᠳ ᠬᠦᠷᠭᠡᠬᠦ ᠲᠣᠭᠲᠠᠴᠠ ᠶᠢ ᠭᠦᠢᠴᠡᠳ ᠠᠰᠢᠭᠯᠠᠨ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠠᠷᠠᠳ ᠣᠯᠠᠨ ᠳᠤ ᠲᠥᠷᠥ ᠶᠢᠨ ᠪᠣᠳᠣᠯᠭ᠎ᠠ ᠶᠢ ᠦᠨᠡᠨᠬᠦ ᠤᠶᠢᠯᠠᠭᠠᠭᠤᠯᠵᠠᠢ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠬᠡᠯᠪᠡᠷᠢ ᠶᠢ ᠦᠷᠭᠦᠯᠵᠢᠯᠡᠨ ᠳᠡᠯᠭᠡᠷᠡᠭᠦᠯᠵᠦ᠂ 2024 ᠣᠨ ᠳᠤ ᠪᠦᠬᠦ ᠬᠤᠰᠢᠭᠤᠨ ᠤ 13.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠎ ᠤᠨ ᠪᠠᠶᠢᠭᠤᠯᠤᠯᠲᠠ ᠶᠢᠨ ᠲᠥᠷᠥᠯ ᠵᠦᠢᠯ ᠢ ᠴᠠᠯᠢᠩ ᠬᠦᠯᠦᠰᠦ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠬᠡᠷᠡᠭᠵᠢᠭᠦᠯᠵᠦ᠂ ᠣᠲᠣ ᠪᠣᠯᠲᠠᠯ᠎ᠠ ᠨᠢᠭᠡᠨᠲᠡ ᠢᠨᠵᠧᠨᠧᠷᠢᠩ ᠤᠨ ᠠᠬᠢᠴᠠ ᠶᠢᠨ 48 %᠎ ᠶᠢ ᠪᠡᠶᠡᠯᠡᠬᠦᠯᠦᠭᠡᠳ᠂ 1000 ᠲᠦᠮᠡᠨ ᠲᠥᠭᠦᠷᠢᠭ ᠤᠨ ᠬᠥᠯᠥᠰᠥ ᠣᠯᠭᠤᠮᠵᠢ ᠶᠢ ᠤᠯᠭᠤᠭᠠᠳ ᠪᠠᠶᠢᠨ᠎ᠠ᠃ ᠨᠡᠶᠢᠭᠡᠮ ᠲᠣᠭᠤᠷᠢᠭ ᠤᠨ ᠨᠡᠭᠦᠳᠡᠯ ᠬᠥᠮᠦᠨ ᠠᠮᠠ ᠶᠢᠨ ᠮᠡᠳᠡᠭᠡ ᠵᠠᠩᠭᠢ ᠶᠢᠨ ᠳᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ1600 ᠭᠠᠷᠤᠶ ᠬᠦᠮᠦᠨ ᠤᠳᠠᠭ᠎ᠠ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠦᠢᠯᠡᠴᠢᠯᠡᠭᠡ ᠬᠠᠩᠭᠠᠨ᠂ ᠠᠷᠠᠳ ᠤᠯᠠᠨ ᠤ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠬᠦᠯᠪᠡ᠃      — — ᠠᠭᠤᠷ ᠠᠮᠢᠰᠬᠤᠯ ᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ︽ᠰᠢᠨ᠎ᠡ ᠠᠮᠢᠵᠢᠷᠠᠯ ᠤᠨ ᠬᠦᠴᠦᠨ︾᠎ ᠢ ᠬᠦᠭᠵᠢᠭᠡᠭᠰᠡᠨ᠃ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾᠎ ᠢᠶᠠᠷ ᠠᠵᠠ ᠲᠣᠬᠢᠶᠠᠯ ᠪᠣᠯᠭᠠᠵᠤ᠂ ᠰᠦᠯᠵᠢᠶ᠎ᠡ ᠬᠤᠯᠪᠤᠭ᠎ᠠ ᠶᠢ ᠠᠰᠢᠭᠯᠠᠬᠤ᠂  ᠤᠬᠠᠭᠤᠯᠭ᠎ᠠ ᠲᠠᠶᠢᠯᠤᠮᠵᠢ ᠬᠢᠬᠦ᠂ ᠤᠬᠠᠭᠤᠯᠭ᠎ᠠ ᠶᠢᠨ  ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠪᠢᠴᠢᠭᠡᠰᠦ ᠨᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠨᠠᠮ ᠪᠠ ᠤᠯᠤᠰ ᠤᠨ ᠬᠤᠯᠪᠣᠭᠳᠠᠯ ᠪᠥᠬᠦᠶ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠢ ᠬᠦᠴᠦᠯᠡᠨ   ᠤᠬᠠᠭᠤᠯᠬᠤ ᠶᠢᠨ ᠬᠠᠮᠳᠤ᠂ ᠡᠯ᠎ᠡ ᠨᠠᠮ ᠤᠨ ᠡᠭᠦᠷ ᠢᠶᠠᠷ ᠡᠭᠦᠳᠦᠨ ᠪᠠᠶᠢᠭᠤᠯᠬᠤ ᠭᠤᠣᠯ ᠴᠣᠭᠴᠠ ᠪᠤᠯᠭᠠᠵᠤ᠂ ᠭᠤᠣᠯ ᠰᠡᠳᠦᠪᠲᠦ ᠨᠠᠮ ᠤᠨ ᠡᠳᠦᠷ ᠢ ᠲᠤᠬᠢᠶᠠᠯᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠤᠳᠬ᠎ᠠ ᠤᠷᠠᠯᠢᠭ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠤᠨ᠂ ᠪᠦᠯᠬᠦᠮᠳᠡᠨ ᠲᠡᠮᠡᠴᠡᠬᠦ ᠬᠦᠴᠦᠨ ᠴᠢᠳᠠᠯ ᠢ ᠨᠢᠬᠳᠠᠷᠠᠭᠤᠯᠪᠠ᠃  ᠤᠳᠤ ᠪᠣᠯᠲᠠᠯ᠎ᠠ᠂ ᠡᠯ᠎ᠡ ᠰᠤᠮᠤ ᠰᠢᠶᠠᠩ ᠪᠠᠯᠭᠠᠰᠤ ᠨᠢ ᠸᠢᠴᠠᠲ ᠲᠠᠪᠴᠠᠩ ᠢᠶᠠᠷ ᠲᠠᠮᠵᠢᠨ ᠬᠠᠮᠢᠶ᠎ᠠ ᠪᠥᠬᠦᠶ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡ 100 ᠭᠠᠷᠤᠶ ᠵᠤᠷᠪᠤᠰ ᠨᠡᠶᠢᠳᠡᠯᠡᠭᠰᠡᠨ ᠪᠦᠭᠡᠳ ᠤᠬᠠᠭᠤᠯᠭ᠎ᠠ ᠶᠢᠨ ᠮᠠᠲ᠋ᠧᠷᠢᠶᠠᠯ ᠢ 10000 ᠭᠠᠷᠤᠶ ᠬᠤᠪᠢ ᠲᠠᠷᠬᠠᠭᠠᠵᠤ᠂  ᠡᠯ᠎ᠡ ᠦᠨᠳᠦᠰᠦᠲᠡᠨ ᠤ ᠠᠷᠠᠳ ᠢᠷᠭᠡᠳ ᠢ ᠵᠣᠬᠢᠶᠠᠨ ᠪᠠᠶᠢᠭᠤᠯᠵᠤ ︽ᠪᠢᠳᠡᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ︾᠂ ︽ᠪᠢᠳᠡᠨ ᠤ ᠪᠠᠶᠠᠷ ᠤᠨ ᠡᠳᠦᠷ · ᠨᠠᠢᠮᠠᠨ ᠰᠠᠷ᠎ᠠ ᠶᠢᠨ ᠠᠷᠪᠠᠨ ᠲᠠᠪᠤᠨ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠶ᠎ᠡ︾ ᠭᠡᠬᠦ ᠮᠡᠳᠦ ᠶᠢᠨ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ  ᠬᠦᠳᠡᠯᠪᠦᠷᠢ ᠠᠵᠢᠯᠯᠠᠭ᠎ᠠ ᠶᠢ ᠦᠷᠨᠢᠬᠦᠯᠦᠭᠡᠳ᠂ ᠠᠷᠠᠳ ᠢᠷᠭᠡᠳ ᠲᠤ ᠤᠯᠠᠮᠵᠢᠯᠠᠯᠲᠤ ᠰᠣᠶᠣᠯ ᠤᠨ ᠪᠠᠶᠠᠯᠢᠭ ᠠᠭᠤᠯᠬᠤᠨ ᠢ ᠮᠡᠳᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠎ ᠤ ᠬᠠᠮᠲᠤ ᠪᠠᠷ ᠡᠳ᠋ᠯᠡᠵᠦ ᠬᠠᠮᠲᠤ ᠪᠠᠷ ᠪᠠᠶᠠᠰᠬᠤ ᠰᠠᠶᠢᠨ ᠰᠠᠶᠢᠬᠠᠨ ᠠᠭᠤᠷ ᠠᠮᠢᠰᠬᠤᠯ ᠢ  ᠪᠣᠶ  ᠪᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号