ᠴᠢᠶᠠᠨ ᠶᠢᠨ ᠭᠸᠦ ᠪᠠᠯᠭᠠᠰᠤ ︽ᠡᠷᠡᠭᠦᠯ ᠢᠶᠠᠷ ᠪᠤᠶᠢᠵᠢᠬᠤ ᠶᠢ ᠪᠠᠳᠤᠯᠠᠵᠤ ᠬᠤᠤᠷ ᠲᠠᠢ ᠠᠭᠤᠯᠭ᠎ᠠ ᠶᠢ ᠡᠰᠡᠷᠬᠦᠴᠡᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/16
 10 ᠰᠠᠷ᠎ᠠ ᠶᠢᠨ 16 ᠤ ᠡᠳᠦᠷ᠂ ᠴᠢᠶᠠᠨ ᠶᠢᠨ ᠭᠸᠦ ᠪᠠᠯᠭᠠᠰᠤᠨ ᠤ ᠬᠢᠨ ᠴᠢᠶᠠᠨ ᠶᠢᠨ ᠭᠸᠦ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ︽ᠡᠷᠡᠭᠦᠯ ᠢᠶᠠᠷ ᠪᠤᠶᠢᠵᠢᠬᠤ ᠶᠢ ᠪᠠᠳᠤᠯᠠᠵᠤ ᠬᠤᠤᠷ ᠲᠠᠢ ᠠᠭᠤᠯᠭ᠎ᠠ ᠶᠢ ᠡᠰᠡᠷᠭᠦᠴᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠨᠡᠶᠢᠭᠡᠮ ᠰᠣᠶᠣᠯ ᠤᠨ ᠣᠷᠴᠢᠨ ᠨᠥᠬᠦᠴᠡᠯ ᠢ ᠪᠣᠶ ᠪᠤᠯᠭᠠᠭᠰᠠᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ ᠬᠡᠦᠬᠡᠳ ᠤᠳ ᠲᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾  ᠶᠢᠨ ᠵᠣᠷᠢᠯᠭ᠎ᠠ ᠪᠠ ᠠᠴᠢ ᠬᠤᠯᠪᠣᠭᠳᠠᠯ ᠢ ᠲᠦᠭᠡᠮᠡᠯᠵᠢᠭᠦᠯᠵᠦ᠂ ᠬᠡᠦᠬᠡᠳ ᠤᠳ ᠢ  ᠡᠷᠡᠬᠦᠯ ᠨᠤᠮ ᠰᠡᠳᠬᠦᠯ ᠤᠩᠰᠢᠬᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ ᠶᠢ ᠪᠠᠷᠢᠮᠳᠠᠯᠠᠨ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠪᠢᠴᠢᠬᠠᠨ ᠬᠠᠮᠠᠭᠠᠯᠠᠭᠴᠢ ᠪᠤᠯᠬᠤ ᠭᠡᠷᠡᠭᠳᠡᠢ ᠬᠡᠵᠦ ᠤᠷᠢᠶᠠᠯᠠᠵᠠᠢ᠃ ᠠᠵᠢᠯᠯᠠᠭᠠᠨ ᠤ ᠲᠤᠮᠳᠠ ᠪᠠᠰᠠ ᠮᠡᠳᠡᠯᠭᠡ ᠶᠢᠨ ᠤᠷᠤᠯᠳᠤᠭᠠᠨ ᠲᠤᠬᠢᠷᠠᠭᠤᠯᠵᠤ᠂ ᠬᠡᠦᠬᠡᠳ ᠤᠳ ᠢᠳᠡᠪᠬᠢᠲᠡᠶ ᠪᠠᠷ ᠶᠠᠷᠢᠶ᠎ᠠ ᠢᠯᠡᠳᠬᠡᠯ ᠬᠢᠵᠡᠭᠡᠨ᠂ ᠢᠯᠡᠭᠦᠬᠡᠨ ᠨᠣᠮ ᠤᠩᠰᠢᠵᠤ ᠰᠠᠶᠢᠨ ᠨᠣᠮ ᠤᠩᠰᠢᠵᠤ᠂ ᠤᠬᠠᠮᠰᠠᠷ ᠠᠴᠠ ᠪᠠᠨ ︽ᠱᠠᠯᠢᠭ ᠵᠠᠪᠬᠠᠢ ᠵᠦᠢᠯᠡᠰ︾ ᠪᠠ ︽ᠬᠠᠤᠯᠢ ᠪᠤᠰᠤ ᠭᠡᠪᠯᠡᠭᠳᠡᠬᠦᠨ︾ ᠠᠴᠠ ᠬᠤᠯᠠ ᠵᠠᠶᠢᠯᠠᠨ᠎ᠠ ᠭᠡᠵᠦ ᠢᠯᠡᠳᠬᠡᠵᠡᠭᠡᠪᠡ᠃ ᠳᠠᠷᠠᠭ᠎ᠠ ᠨᠢ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ ᠬᠡᠦᠬᠡᠳ ᠤᠳ ᠲᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠦᠭᠬᠦ︾ ᠲᠡᠮᠳᠡᠭᠯᠡᠯ ᠤᠨ ᠳᠡᠪᠲᠡᠷ ᠪᠠ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠨᠠᠰᠤᠨ ᠳᠤ ᠦᠯᠦ ᠬᠦᠷᠦᠭᠰᠡᠳ ᠢ ᠵᠢᠯᠤᠭᠤᠳᠤᠨ ᠬᠤᠣᠷ ᠬᠥᠨᠥᠭᠡᠯ ᠲᠠᠢ ᠬᠡᠪᠯᠡᠭᠳᠡᠬᠦᠨ ᠪᠠ ᠮᠡᠳᠡᠭᠡ ᠵᠠᠩᠭᠢ ᠠᠴᠠ ᠬᠤᠯᠠ ᠵᠠᠶᠢᠯᠠᠭᠤᠯᠵᠤ᠂ ᠨᠠᠰᠤᠨ ᠳᠤ ᠦᠯᠦ ᠬᠦᠷᠦᠭᠰᠡᠳ ᠤᠨ ᠠᠮᠤᠷ ᠲᠦᠪᠰᠢᠨ ᠤ ᠤᠬᠠᠮᠰᠠᠷ ᠪᠠ ᠬᠠᠤᠯᠢᠵᠢᠯ ᠤᠨ ᠬᠡᠪ ᠪᠣᠯᠪᠠᠰᠤᠷᠠᠯ ᠢ ᠴᠢᠩᠭᠠᠷᠠᠭᠤᠯᠤᠨ᠂ ᠬᠠᠤᠯᠢ ᠪᠤᠰᠤ ᠬᠡᠪᠯᠡᠭᠳᠡᠬᠦᠨ ᠪᠠ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠢᠯᠭᠠᠨ ᠲᠠᠨᠢᠬᠤ ᠴᠢᠳᠠᠪᠤᠷᠢ ᠪᠠ ᠰᠡᠷᠭᠡᠶᠢᠯᠡᠨ ᠬᠤᠷᠢᠭᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠳᠤᠯᠠᠬᠤ ︽ᠬᠠᠮᠠᠭᠠᠯᠠᠯᠲᠠ ᠶᠢᠨ ᠬᠡᠷᠡᠮ︾ ᠢ ᠪᠠᠳᠤ ᠴᠤᠭᠴᠠᠯᠠᠵᠠᠢ᠃ ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠸᠤ ᠪᠠᠯᠭᠠᠰᠤ  ᠨᠢ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠠᠭᠤᠯᠭ᠎ᠠ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠠᠭᠤᠰᠤᠯᠴᠠᠭᠤᠯᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠂ ᠪᠦᠬᠦ ᠪᠠᠯᠭᠠᠰᠤᠨ ᠤ ᠵᠠᠯᠠᠭᠤᠴᠤᠳ ᠪᠠᠭᠠᠴᠤᠳ ᠲᠤ ᠴᠡᠪᠡᠷ ᠠᠷᠢᠭᠤᠨ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠵᠤ ᠦᠭᠬᠦ ᠪᠠᠷ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号