ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠪᠤᠰᠤ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠤᠭᠯᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/10/18
   ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠢ ᠭᠦᠨᠵᠡᠭᠡᠶ ᠠᠬᠢᠭᠤᠯᠵᠤ᠂ ᠨᠡᠶᠢᠭᠡᠮ ᠨᠡᠶᠢᠲᠡ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂  ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠠᠯᠳᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠪᠤᠰᠤ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠪᠤᠰᠤ ᠶᠠᠯᠠᠲᠤ ᠠᠵᠢᠯᠯᠠᠭ᠎ᠠ ᠶᠢ ᠴᠤᠬᠤᠶᠢᠵᠤ ᠭᠠᠷᠤᠮᠠᠭᠴᠠ ᠠᠷᠢᠯᠭᠠᠨ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠳᠡᠭᠡᠭᠰᠢᠯᠡᠭᠦᠯᠬᠦ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠵᠢᠴᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠳᠦᠭᠡ ᠨᠡᠶᠢᠭᠡᠮ ᠨᠡᠶᠢᠲᠡ ᠠᠴᠠ ︽ ᠭᠠᠴᠠᠭ᠎ᠠ ᠲᠣᠰᠬᠤᠨ ᠤ ᠡᠵᠡᠷᠬᠡᠭᠴᠢ︾ ︽ᠰᠤᠮᠤ ᠰᠢᠶᠠᠩ ᠤᠨ ᠡᠵᠡᠷᠬᠡᠭᠴᠢ︾ ︽ᠡᠯᠡᠰᠦ ᠰᠢᠷᠤᠢ ᠶᠢᠨ ᠡᠵᠡᠷᠬᠡᠭᠴᠢ︾  ︽ᠡᠳ᠋ ᠠᠭᠤᠷᠬᠠᠢ ᠶᠢᠨ ᠡᠵᠡᠷᠭᠡᠭᠴᠢ︾  ︽ᠠᠵᠢᠯ ᠲᠦᠷᠦᠯ ᠤᠨ ᠡᠵᠡᠷᠭᠡᠭᠴᠢ︾ ︽ ᠵᠠᠬ᠎ᠠ  ᠵᠡᠬᠡᠯᠢ ᠶᠢᠨ ᠡᠵᠡᠷᠭᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠪᠤᠰᠤ  ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠤᠭᠯᠠᠭᠤᠯᠬᠤ  ᠪᠠᠷ ᠪᠤᠯᠪᠠ᠂  ᠡᠶᠢᠨ ᠬᠦ᠋ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ  ᠵᠠᠷᠯᠠᠨ ᠮᠡᠳᠡᠭᠳᠡᠶ᠎ᠡ᠄     ᠨᠢᠭᠡ᠂ ᠰᠦᠪᠡᠭᠴᠢ ᠴᠤᠭᠯᠠᠭᠤᠯᠬᠤ ᠬᠦᠷᠢᠶ᠎ᠡ ᠬᠡᠪᠴᠢᠶ᠎ᠡ    1. ᠠᠯᠪᠠᠳᠠᠯᠭ᠎ᠠ ᠬᠦᠴᠦᠷᠬᠡᠭᠯᠡᠯ ᠤᠨ ᠠᠷᠭ᠎ᠠ ᠪᠠᠷᠢᠯ ᠢᠶᠠᠷ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠡᠵᠡᠮᠳᠡᠭᠰᠡᠨ᠂ ᠦᠨᠳᠦᠰᠦᠨ ᠱᠠᠲᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢ ᠡᠪᠳᠡᠭᠰᠡᠨ᠂ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠢ ᠭᠠᠭᠴᠠᠭᠠᠷ ᠡᠵᠡᠮᠰᠢᠭᠰᠡᠨ᠂ ᠬᠠᠮᠲᠤ ᠶᠢᠨ ᠡᠳ᠋ ᠬᠥᠷᠥᠩᠭᠡ ᠶᠢ ᠱᠠᠮᠰᠢᠭᠰᠠᠨ᠂ ᠲᠥᠷᠥᠯ ᠰᠠᠳᠤᠨ ᠤ ᠪᠠᠨ ᠬᠦᠴᠦᠨ ᠢ ᠠᠰᠢᠭᠯᠠᠵᠤ ᠠᠶᠢᠯ ᠬᠤᠳᠠ ᠶᠢ ᠡᠵᠡᠷᠭᠡᠨ ᠠᠷᠠᠳ ᠤᠯᠠᠨ ᠢ ᠲᠠᠷᠤᠯᠠᠭᠰᠠᠨ᠃    2. ᠰᠦᠷᠳᠡᠬᠦᠯᠬᠦ᠂ ᠮᠡᠬᠡᠯᠡᠬᠦ᠂ ᠬᠠᠭ᠋ᠤᠤᠯᠢᠳᠠᠬᠤ ᠮᠡᠳᠦ ᠶᠢᠨ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠪᠠ ᠦᠨᠳᠦᠰᠦᠨ ᠱᠠᠲᠤᠨ ᠤ ᠺᠠᠳ᠋ᠷ ᠤᠨ ᠡᠷᠬᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠭᠰᠠᠨ᠂ ᠦᠨᠳᠦᠰᠦᠨ ᠱᠠᠲᠤᠨ ᠤ ᠺᠠᠳ᠋ᠷ ᠤᠨ ᠠᠮᠤᠷ ᠲᠦᠪᠰᠢᠨ ᠢ ᠨᠦᠯᠦᠭᠡᠯᠡᠭᠰᠡᠨ᠂ ᠤᠯᠠᠨ ᠲᠦᠮᠡᠨ ᠢ ᠳᠠᠷᠤᠯᠠᠭᠰᠠᠨ᠂ ᠬᠠᠮᠲᠤ ᠶᠢᠨ ᠠᠰᠢᠭ ᠲᠤᠰᠠ ᠶᠢ ᠬᠤᠬᠢᠷᠠᠭᠤᠯᠤᠭᠰᠠᠨ  ᠃    3. ᠰᠠᠳᠤᠨ ᠰᠦᠯᠪᠡᠭᠡ ᠪᠠᠨ ᠵᠤᠬᠢᠶᠠᠨ ᠪᠠᠶᠢᠭᠤᠯᠵᠤ ᠪᠠᠶᠢᠭᠠᠳ ᠭᠠᠵᠠᠷ ᠰᠢᠷᠣᠶ᠂ ᠠᠭᠤᠯᠠ ᠠᠭᠤᠷᠬᠠᠢ᠂ ᠨᠤᠲᠤᠭ ᠪᠡᠯᠴᠢᠭᠡᠷ᠂ ᠤᠢ ᠰᠢᠭᠤᠢ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂  ᠪᠠᠯᠠᠮᠠᠳ ᠢᠶᠠᠷ ᠥᠷᠢᠰᠥᠯᠳᠦᠬᠦ᠂ ᠬᠦᠴᠦᠷᠬᠡᠭᠯᠡᠯ ᠢᠶᠠᠷ ᠲᠠᠭᠠᠭᠠᠴᠢᠯᠠᠬᠤ᠂ ᠠᠯᠪᠠᠳᠠᠯᠭ᠎ᠠ ᠪᠠᠷ ᠨᠤᠷᠠᠭᠠᠬᠤ᠂ ᠲᠤᠷ᠎ᠠ ᠪᠠᠷ ᠢᠶᠠᠨ ᠪᠠᠶᠢᠭᠤᠯᠬᠤ  ᠂  ᠭᠡᠷᠡᠭ ᠡᠳᠦᠵᠦ ᠤᠷᠰᠢᠭ ᠲᠠᠳᠠᠬᠤ  ᠃    4. ᠪᠠᠷᠢᠯᠭ᠎ᠠ ᠶᠢᠨ ᠢᠨᠵᠧᠨᠧᠷᠢᠩ᠂ ᠵᠠᠮ ᠬᠠᠷᠢᠯᠴᠠᠭ᠎ᠠ  ᠂ ᠵᠠᠬ᠎ᠠ ᠳᠡᠯᠭᠡᠭᠦᠷ ᠤᠨ ᠭᠦᠢᠯᠭᠡᠭᠡ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠴᠠᠷᠠᠭᠠᠨ ᠳᠤ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠭᠡᠬᠦ᠂ ᠬᠠᠤᠯᠢ ᠪᠤᠰᠤ ᠪᠠᠷ ᠡᠵᠡᠩᠨᠡᠬᠦ᠂ ᠠᠯᠪᠠᠳᠠᠯᠭ᠎ᠠ ᠪᠠᠷ ᠬᠤᠳᠠᠯᠳᠤᠨ ᠠᠪᠬᠤ ᠪᠠ ᠬᠤᠳᠠᠯᠳᠤᠨ ᠦᠭᠬᠦ᠂ ᠬᠢᠬᠠᠨ ᠮᠥᠯᠵᠢᠬᠦ ᠵᠡᠷᠭᠡ ᠬᠡᠪ ᠤᠨ ᠡᠵᠡᠩᠨᠡᠯᠲᠡ ᠶᠢᠨ ᠡᠮᠬᠢ ᠳᠢᠭᠯᠢᠮ ᠢ  ᠡᠪᠳᠡᠭᠰᠡᠨ ᠦᠢᠯᠡ ᠠᠵᠢᠯᠯᠠᠭ᠎ᠠ᠃    5. ᠰᠤᠷᠭᠠᠭᠤᠯᠢ ᠶᠢᠨ ᠡᠳ᠋ ᠬᠥᠷᠥᠩᠭᠡ ᠶᠢ ᠡᠵᠡᠷᠭᠡᠨ ᠭᠡᠷᠡᠭᠯᠡᠭᠰᠡᠨ᠂ ᠰᠤᠷᠭᠠᠭᠤᠯᠢ ᠳᠤ ᠬᠠᠤᠯᠢ ᠪᠤᠰᠤ ᠪᠠᠷ ᠲᠦᠷᠢᠨ ᠤᠷᠤᠭᠰᠠᠨ᠂ ᠰᠤᠷᠭᠠᠨ ᠬᠥᠮᠦᠵᠢᠯ ᠤᠨ ᠡᠮᠬᠢ ᠲᠢᠭᠯᠡᠮ ᠢ ᠰᠠᠮᠠᠭᠤᠷᠠᠭᠤᠯᠤᠭᠰᠠᠨ᠂ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠭᠰᠠᠨ᠂ ᠨᠠᠰᠤᠨ ᠳᠤ ᠥᠯᠥ ᠭᠦᠷᠦᠭᠰᠡᠳ ᠢ ᠵᠢᠭᠠᠨ ᠳᠣᠬᠢᠵᠤ ᠬᠠᠷ᠎ᠠ ᠪᠦᠯᠦᠭᠲᠡᠨ ᠬᠠᠷᠭᠢᠰ ᠬᠦᠴᠦᠨ ᠤ ᠠᠵᠢᠯᠯᠠᠭ᠎ᠠ ᠳᠤ ᠤᠷᠤᠯᠴᠠᠭᠤᠯᠤᠭᠰᠠᠨ᠂  ᠬᠠᠤᠯᠢ ᠪᠤᠰᠤ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾᠂ ︽ᠰᠦᠯᠵᠢᠶᠡᠨ ᠤ ᠵᠢᠭᠡᠯᠡᠯᠭᠡ︾  ᠵᠡᠷᠭᠡ ᠶᠢ ᠲᠠᠷᠬᠠᠭᠠᠭᠰᠠᠨ᠃    6. ᠬᠤᠲᠠ ᠪᠠᠯᠭᠠᠰᠤᠨ ᠤ ᠵᠡᠭᠡᠯᠢ ᠭᠤᠳᠤᠮᠵᠢ᠂ ᠬᠤᠳᠠᠯᠳᠤᠭᠠᠨ ᠤ ᠲᠣᠭᠤᠷᠢᠭ ᠵᠡᠷᠭᠡ ᠣᠯᠠᠨ ᠨᠡᠶᠢᠲᠡ ᠶᠢᠨ ᠲᠠᠯᠠᠪᠤᠷ ᠪᠤᠶᠤ  ᠬᠤᠳᠠᠨ ᠲᠤᠮᠳᠠᠬᠢ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠭᠠᠵᠠᠷ᠂  ᠶᠠᠪᠤᠭᠤᠯ ᠬᠥᠮᠦᠨ ᠠᠮᠠ ᠲᠥᠪᠯᠡᠷᠡᠭᠰᠡᠨ ᠭᠠᠵᠠᠷ ᠲᠤ ᠬᠤᠯᠪᠤᠭ᠎ᠠ ᠰᠦᠯᠪᠡᠭᠡ ᠪᠠᠶᠢᠭᠤᠯᠬᠤ᠂ ᠬᠡᠷᠡᠭ ᠡᠳᠦᠵᠦ ᠤᠷᠰᠢᠭ ᠲᠠᠳᠠᠬᠤ᠂ ᠬᠡᠷᠡᠭᠦᠯ ᠵᠣᠳᠣᠭᠠᠨ ᠬᠢᠬᠦ᠂  ᠠᠯᠪᠠᠳᠠᠵᠤ ᠡᠵᠡᠷᠭᠡᠭᠯᠡᠬᠦ ᠵᠡᠷᠭᠡ ᠠᠮᠤᠷ ᠢ ᠬᠠᠮᠠᠭᠠᠯᠠᠬᠤ ᠠᠵᠢᠯ ᠤᠨ ᠡᠮᠬᠢ ᠲᠢᠭᠯᠡᠮ ᠢ ᠡᠪᠳᠡᠭᠰᠡᠨ ᠠᠵᠢᠯᠯᠠᠭ᠎ᠠ ᠪᠠ ᠨᠠᠰᠤᠨ ᠳᠤ ᠦᠯᠦ ᠬᠦᠷᠦᠭᠰᠡᠳ ᠢ  ᠬᠠᠭᠤᠷᠴᠤ ᠮᠡᠬᠡᠯᠡᠬᠦ ᠪᠤᠶᠤ ᠡᠵᠡᠮᠳᠡᠨ ᠵᠠᠬᠢᠷᠬᠤ ᠡᠯᠳᠡᠪ ᠠᠷᠭ᠎ᠠ ᠪᠠᠷ ᠵᠣᠬᠢᠶᠠᠨ ᠪᠠᠶᠢᠭᠤᠯᠵᠤ ᠬᠠᠤᠯᠢ ᠪᠤᠰᠤ ᠶᠠᠯᠠᠲᠤ ᠠᠵᠢᠯᠯᠠᠭ᠎ᠠ ᠪᠤᠶᠤ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠠᠵᠢᠯᠯᠠᠭ᠎ᠠ  ᠬᠢᠯᠬᠡᠬᠦ᠃   7. ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ᠂ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠲᠡᠯᠬᠡᠬᠦᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ᠂ ᠠᠯᠪᠠᠳᠠᠯᠭ᠎ᠠ ᠪᠠᠷ ᠬᠤᠳᠠᠯᠳᠤᠨ ᠠᠪᠬᠤ ᠪᠤᠶᠤ ᠬᠤᠳᠠᠯᠳᠤᠨ ᠦᠭᠬᠦ᠂ ᠡᠬᠢ ᠪᠠᠶᠠᠯᠢᠭ ᠢ ᠪᠤᠯᠢᠶᠠᠨ ᠡᠵᠡᠯᠡᠬᠦ᠂ ᠡᠵᠡᠩᠨᠡᠯᠲᠡ ᠶᠢ ᠭᠠᠭᠴᠠᠭᠠᠷ ᠡᠵᠡᠮᠰᠢᠬᠦ᠂ ᠵᠣᠴᠢᠳ ᠢ ᠠᠯᠪᠠᠳᠠᠯᠭ᠎ᠠ ᠪᠠᠷ ᠲᠠᠳᠠᠬᠤ᠂ ᠬᠢᠬᠠᠨ ᠠᠪᠬᠤ᠂ ᠬᠡᠷᠡᠭ ᠡᠳᠦᠬᠦ᠂ ᠠᠯᠪᠠᠳᠠᠯᠭ᠎ᠠ ᠪᠠᠷ ᠠᠷᠠᠯᠵᠢᠶᠠᠯᠠᠬᠤ  ᠃    8. ᠬᠠᠤᠯᠢ ᠪᠤᠰᠤ ᠪᠠᠷ ᠥᠨᠳᠥᠷ ᠬᠦᠦ ᠲᠠᠢ ᠪᠠᠷ ᠵᠢᠭᠡᠯᠡᠯᠭᠡ ᠲᠠᠯᠪᠢᠬᠤ᠂ ᠬᠦᠴᠦᠷᠬᠡᠭᠯᠡᠯ ᠢᠶᠠᠷ ᠥᠷᠢ ᠨᠡᠭᠡᠬᠦ᠂ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠳᠤ ᠭᠠᠷ ᠲᠦᠷᠦᠭᠦ᠂ ︽ᠨᠢᠭᠤᠴᠠ ᠬᠠᠤᠯᠢ ᠬᠡᠷᠡᠭᠵᠢᠭᠦᠯᠬᠦ ᠠᠩᠭᠢ︾ ᠪᠣᠯᠬᠤ ᠵᠢᠴᠢ ︽ᠱᠠᠯᠢᠭ ᠵᠠᠪᠬᠠᠶ ᠵᠦᠢᠯ ᠮᠦᠷᠦᠢ ᠲᠠᠢ ᠲᠤᠭᠯᠠᠭᠠᠮ ᠬᠤᠤᠷᠲᠤ ᠡᠳ᠋︾ ᠳᠤ ᠬᠤᠯᠪᠤᠭᠳᠠᠭᠰᠠᠨ ᠦᠢᠯᠡ  ᠠᠵᠢᠯᠯᠠᠭ᠎ᠠ ᠶᠢ ᠵᠤᠬᠢᠶᠠᠨ ᠪᠠᠶᠢᠭᠤᠯᠵᠤ ᠵᠢᠯᠤᠭᠤᠳᠤᠨ ᠡᠵᠡᠩᠨᠡᠬᠦ  ᠃     ᠬᠤᠶᠠᠷ᠂ ᠢᠯᠡᠴᠢᠯᠡᠨ ᠮᠡᠳᠡᠭᠦᠯᠬᠦ ᠳᠤ ᠠᠩᠬᠠᠷᠬᠤ ᠵᠦᠢᠯ    1. ᠢᠯᠡᠴᠢᠯᠡᠨ ᠵᠠᠭᠠᠯᠳᠤᠬᠤ ᠳᠠᠭᠠᠨ ᠢᠯᠡᠴᠢᠯᠡᠨ ᠵᠠᠭᠠᠯᠳᠤᠬᠤ ᠬᠦᠮᠦᠨ ᠤ ᠪᠠᠨ ᠨᠡᠷ᠎ᠡ ᠤᠪᠤᠭ ︵ᠬᠤᠴᠢ ᠨᠡᠷ᠎ᠡ︶  ᠪᠠ ᠭᠤᠣᠯ ᠪᠣᠯᠬᠤ ᠶᠠᠯᠠᠳᠤ ᠭᠡᠷᠡᠭ ᠤᠨ ᠬᠢᠨᠢ ᠪᠣᠳᠠᠲᠤ ᠶᠠᠪᠤᠳᠠᠯ ᠪᠠ ᠭᠡᠷᠡᠴᠢ ᠪᠠᠷᠢᠮᠲᠠ ᠶᠢ ᠲᠤᠳᠤᠷᠬᠠᠶᠢᠯᠠᠬᠤ ᠭᠡᠷᠡᠭᠳᠡᠢ᠃ ᠬᠠᠭᠤᠷᠮᠠᠭᠯᠠᠵᠤ ᠵᠣᠬᠢᠶᠠᠭᠰᠠᠨ᠂  ᠭᠡᠳᠦᠷᠡᠬᠦᠯᠵᠦ ᠲᠠᠪᠠᠭᠤᠯᠤᠭᠰᠠᠨ᠂  ᠬᠦᠳᠬᠡᠵᠦ ᠭᠦᠵᠢᠷᠯᠡᠭᠰᠡᠨ ᠪᠠᠶᠢᠪᠠᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    2. ᠮᠡᠳᠡᠬᠦᠯᠦᠭᠰᠡᠨ ᠭᠡᠷᠡᠭ ᠬᠠᠩᠭᠠᠭᠰᠠᠨ ᠰᠦᠪᠡᠭᠴᠢ ᠨᠢ ᠦᠨᠡᠨ ᠪᠤᠳᠠᠳᠠᠢ ᠪᠠᠶᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠴᠠᠭᠠᠨ ᠰᠢᠢᠳᠪᠦᠷᠢᠯᠡᠬᠦ ᠳᠤ ᠲᠤᠰᠠ ᠪᠤᠯᠤᠭᠰᠠᠨ ᠪᠥᠭᠡᠳ ᠱᠠᠩᠨᠠᠨ ᠵᠤᠷᠢᠬᠵᠢᠭᠤᠯᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠵᠦ ᠱᠠᠩᠨᠠᠨ ᠵᠤᠷᠢᠬᠵᠢᠭᠤᠯᠤᠨ᠎ᠠ᠃   3. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠨ᠎ᠠ᠃ ᠢᠯᠡᠴᠢᠯᠡᠨ ᠮᠡᠳᠡᠭᠦᠯᠦᠭᠴᠢ ᠳᠤ ᠴᠣᠬᠢᠯᠲᠠ ᠥᠭᠴᠦ ᠥᠰᠢᠶ᠎ᠡ ᠠᠪᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠳᠬᠡᠨ᠎ᠡ᠃    ᠭᠤᠷᠪᠠ᠂ ᠢᠯᠡᠴᠢᠯᠡᠨ ᠮᠡᠳᠡᠭᠦᠯᠬᠦ ᠠᠷᠭ᠎ᠠ    ᠢᠯᠡᠴᠢᠯᠡᠨ ᠮᠡᠳᠡᠭᠦᠯᠬᠦ ᠤᠲᠠᠰᠤ᠄ 0479 - 5227020    ᠮᠠᠲ᠋ᠧᠷᠢᠶᠠᠯ ᠢᠯᠡᠬᠡᠬᠦ ᠰᠢᠤᠳᠠᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ  0479 - 5227022                                                                                        ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                             2024 ᠣᠨ ᠤ 10 ᠰᠠᠷ᠎ᠠ ᠶᠢᠨ 16 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号