︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠎ ᠳᠤ ᠱᠠᠰᠢᠨ ᠰᠤᠷᠲᠠᠬᠤᠨ ᠤ ᠬᠠᠮᠢᠶᠠᠳᠠᠢ ᠶᠠᠮᠠᠷᠬᠠᠨ ᠲᠣᠭᠲᠠᠭᠠᠯ ᠪᠠᠶᠢᠭ᠎ᠠ︖
ᠨᠡᠶᠢᠲᠡᠯᠡᠭᠰᠡᠨ ᠴᠠᠭ᠄
2024/10/21
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠎ ᠶᠢᠨ ᠭᠤᠴᠢᠨ ᠳᠥᠷᠪᠡᠳᠦᠭᠡᠷ ᠵᠤᠷᠪᠤᠰ ᠲᠤ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ ᠠᠷᠠᠳ ᠢᠷᠭᠡᠨ ᠨᠢᠬᠡᠪᠦᠷᠢ ᠦᠨᠳᠦᠰᠦᠲᠡᠨ᠂ ᠠᠷᠠᠰᠤᠲᠠᠨ᠂ ᠬᠦᠢᠰᠦ ᠢᠯᠭᠠᠯ᠂ ᠠᠵᠢᠯ ᠮᠡᠷᠭᠡᠵᠢᠯ᠂ ᠭᠡᠷ ᠤᠨ ᠭᠠᠷᠤᠯ᠂ ᠱᠠᠰᠢᠨ ᠰᠢᠲᠦᠯᠭᠡ᠂  ᠰᠤᠶᠤᠯ ᠤᠨ ᠬᠡᠮᠵᠢᠶ᠎ᠡ᠂ ᠡᠳ᠋ ᠬᠥᠷᠥᠩᠭᠡ ᠶᠢᠨ ᠪᠠᠶᠢᠳᠠᠯ᠂ ᠣᠷᠣᠰᠢᠨ ᠰᠠᠭᠤᠭᠰᠠᠨ ᠴᠠᠭ ᠬᠤᠭᠤᠴᠠᠭ᠎ᠠ ᠭᠡᠵᠦ ᠢᠯᠭᠠᠯ ᠦᠭᠡᠢ ᠪᠦᠷ ᠰᠣᠩᠭᠤᠬᠤ ᠡᠷᠬᠡ ᠪᠠ ᠰᠣᠩᠭᠤᠭᠳᠠᠬᠤ ᠡᠷᠬᠡ ᠲᠠᠢ︾ ᠬᠡᠵᠦ ᠲᠤᠭᠳᠠᠭᠠᠭᠰᠠᠨ ᠪᠠᠶᠢᠳᠠᠭ᠃     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠎ ᠶᠢᠨ ᠭᠤᠴᠢᠨ ᠵᠢᠷᠭᠤᠳᠤᠭᠠᠷ ᠵᠤᠷᠪᠤᠰ ᠲᠤ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠨᠢᠬᠡᠪᠦᠷᠢ ᠱᠠᠰᠢᠨ ᠰᠢᠲᠦᠯᠭᠡ ᠶᠢᠨ ᠡᠷᠬᠡ ᠴᠢᠯᠥᠭᠡ ᠲᠠᠢ᠃ ᠶᠠᠮᠠᠷᠪᠠ ᠲᠥᠷᠥ ᠶᠢᠨ ᠪᠠᠢᠭᠤᠯᠭ᠎ᠠ᠂  ᠨᠡᠶᠢᠬᠡᠮ ᠤᠨ ᠪᠦᠯᠬᠦᠮ ᠪᠠ ᠬᠤᠪᠢ ᠬᠥᠮᠥᠨ ᠠᠷᠠᠳ ᠢᠷᠭᠡᠨ ᠢ ᠱᠠᠰᠢᠨ ᠰᠢᠲᠦᠭᠦᠯᠬᠦ ᠪᠠᠷ ᠪᠤᠶᠤ ᠱᠠᠰᠢᠨ ᠦᠯᠦ ᠰᠢᠲᠦᠭᠦᠯᠬᠦ ᠪᠠᠷ ᠠᠯᠪᠠᠳᠠᠵᠤ ᠪᠣᠯᠬᠤ ᠦᠭᠡᠢ᠂ ᠱᠠᠰᠢᠨ ᠰᠢᠳᠦᠭᠴᠢ ᠠᠷᠠᠳ ᠢᠷᠭᠡᠨ ᠪᠠ ᠱᠠᠰᠢᠨ ᠦᠯᠦ ᠰᠢᠲᠦᠬᠦ ᠠᠷᠠᠳ ᠢᠷᠭᠡᠨ ᠢ ᠭᠠᠳᠠᠭᠤᠷᠴᠢᠯᠠᠵᠤ ᠪᠣᠯᠬᠤ ᠦᠭᠡᠢ᠃ ᠤᠯᠤᠰ ᠠᠴᠠ ᠱᠠᠰᠢᠨ ᠰᠤᠷᠲᠠᠬᠤᠨ ᠤ ᠬᠡᠪ ᠤᠨ ᠠᠵᠢᠯᠯᠠᠭ᠎ᠠ ᠶᠢ ᠬᠠᠮᠠᠭᠠᠯᠠᠨ᠎ᠠ᠃ ᠶᠠᠮᠠᠷᠪᠠ ᠬᠥᠮᠦᠨ ᠭᠡᠳ ᠱᠠᠰᠢᠨ ᠰᠤᠷᠲᠠᠬᠤᠨ ᠢ ᠠᠰᠢᠭᠯᠠᠨ ᠨᠡᠶᠢᠭᠡᠮ ᠤᠨ ᠡᠮᠬᠢ ᠵᠢᠷᠤᠮ ᠢ ᠡᠪᠳᠡᠬᠦ᠂ ᠠᠷᠠᠳ ᠢᠷᠭᠡᠳ ᠤᠨ ᠪᠡᠶ᠎ᠡ ᠰᠡᠳᠬᠢᠯ ᠢ ᠬᠤᠬᠢᠷᠠᠭᠤᠯᠬᠤ᠂ ᠤᠯᠤᠰ ᠤᠨ ᠰᠤᠷᠭᠠᠨ ᠬᠥᠮᠦᠵᠢᠯ ᠤᠨ ᠳᠦᠷᠢᠮ ᠢ ᠬᠠᠷᠰᠢᠯᠠᠬᠤ ᠠᠵᠢᠯᠯᠠᠭ᠎ᠠ ᠬᠢᠵᠦ ᠪᠣᠯᠬᠤ ᠦᠭᠡᠶ᠃ ᠱᠠᠰᠢᠨ ᠰᠤᠷᠲᠠᠬᠤᠨ ᠤ ᠪᠥᠯᠬᠦᠮ ᠪᠠ ᠱᠠᠰᠢᠨ ᠰᠤᠷᠲᠠᠬᠤᠨ ᠤ ᠬᠡᠷᠡᠭ ᠶᠠᠪᠤᠳᠠᠯ ᠎ ᠨᠢ ᠭᠠᠳᠠᠭᠠᠳᠤ ᠤᠯᠤᠰ ᠤᠨ ᠬᠦᠴᠦᠨ ᠳᠤ ᠵᠠᠬᠢᠷᠤᠭᠳᠠᠬᠤ ᠦᠬᠡᠢ︾ ᠬᠡᠵᠦ ᠲᠤᠭᠳᠠᠭᠠᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号