︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠬᠦᠯᠦᠯ ᠤᠨ ᠦᠵᠡᠯ ᠢ ᠡᠰᠡᠷᠭᠦᠴᠡᠬᠦ ᠬᠠᠤᠯᠢ︾᠎ ᠎ ᠳᠤ ᠱᠠᠰᠢᠨ ᠰᠤᠷᠲᠠᠬᠤᠨ ᠤ ᠬᠠᠮᠢᠶᠠᠳᠠᠢ ᠶᠠᠮᠠᠷᠬᠠᠨ ᠲᠣᠭᠲᠠᠭᠠᠯ ᠪᠠᠶᠢᠭ᠎ᠠ︖
ᠨᠡᠶᠢᠲᠡᠯᠡᠭᠰᠡᠨ ᠴᠠᠭ᠄
2024/10/21
   ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠎ ᠶᠢᠨ ᠬᠤᠷᠢᠨ ᠳᠣᠯᠣᠳᠤᠭᠠᠷ ᠵᠤᠷᠪᠤᠰ ᠲᠤ᠄ ︽ᠤᠯᠤᠰ ᠠᠴᠠ ᠠᠷᠠᠳ ᠢᠷᠭᠡᠳ ᠤᠨ ᠱᠠᠰᠢᠨ ᠰᠢᠲᠦᠯᠭᠡ ᠶᠢᠨ ᠡᠷᠬᠡ ᠴᠢᠯᠥᠭᠡ ᠪᠠ ᠱᠠᠰᠢᠨ ᠰᠤᠷᠲᠠᠬᠤᠨ ᠤ ᠬᠡᠪ ᠤᠨ ᠠᠵᠢᠯᠯᠠᠭ᠎ᠠ ᠶᠢ ᠬᠠᠤᠯᠢ ᠶᠣᠰᠣᠭᠠᠷ ᠬᠠᠮᠠᠭᠠᠯᠠᠵᠤ᠂ ᠱᠠᠰᠢᠨ ᠰᠤᠷᠲᠠᠬᠤᠨ ᠤ ᠪᠡᠶ᠎ᠡ ᠪᠠᠨ ᠳᠠᠭᠠᠭᠠᠵᠤ ᠥᠪᠡᠰᠦᠪᠡᠨ ᠡᠷᠬᠢᠯᠡᠬᠦ ᠵᠠᠷᠴᠢᠮ ᠢ ᠪᠠᠷᠢᠮᠲᠠᠯᠠᠨ᠂ ᠱᠠᠰᠢᠨ ᠰᠤᠷᠲᠠᠬᠤᠨ ᠤ ᠨᠡᠷ᠎ᠡ ᠪᠠᠷ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠪᠤᠰᠤ ᠶᠠᠯᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠪᠠ ᠵᠠᠯᠬᠠᠭᠠᠨ ᠰᠢᠳᠬᠡᠵᠦ᠂ ᠬᠢᠯᠢ ᠶᠢᠨ ᠭᠠᠳᠠᠨᠠᠬᠢ ᠬᠦᠴᠦᠨ ᠤ ᠬᠢᠯᠢ ᠶᠢᠨ ᠳᠣᠲᠣᠷᠠᠬᠢ ᠱᠠᠰᠢᠨ ᠰᠤᠷᠲᠠᠬᠤᠨ ᠤ ᠬᠡᠷᠡᠭ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠱᠠᠰᠢᠨ ᠰᠤᠷᠲᠠᠬᠤᠨ ᠤ ᠬᠡᠪ ᠤᠨ ᠠᠵᠢᠯᠯᠠᠭ᠎ᠠ ᠶᠢᠨ ᠡᠮᠬᠢ ᠵᠢᠷᠤᠮ ᠢ ᠬᠠᠮᠠᠭᠠᠯᠠᠨ᠎ᠠ᠃ ᠤᠯᠤᠰ ᠠᠴᠠ ᠭᠠᠵᠢᠭᠤ ᠨᠣᠮᠯᠠᠯ ᠤᠨ ᠵᠣᠬᠢᠶᠠᠨ ᠪᠠᠢᠭᠤᠯᠤᠯᠲᠠ ᠶᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ᠂  ᠭᠠᠵᠢᠭᠤ ᠨᠣᠮᠯᠠᠯ ᠤᠨ ᠬᠠᠤᠯᠢ ᠪᠤᠰᠤ ᠶᠠᠯᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠪᠠ  ᠵᠠᠯᠬᠠᠭᠠᠨ ᠰᠢᠳᠬᠡᠨ᠎ᠡ︾ ᠬᠡᠵᠦ ᠲᠤᠭᠳᠠᠭᠠᠵᠠᠢ᠃    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠬᠦᠯᠦᠯ ᠤᠨ ᠦᠵᠡᠯ ᠢ ᠡᠰᠡᠷᠭᠦᠴᠡᠬᠦ ᠬᠠᠤᠯᠢ︾᠎ ᠶᠢᠨ ᠳᠥᠷᠪᠡᠳᠦᠭᠡᠷ ᠵᠤᠷᠪᠤᠰ ᠲᠤ᠄ ︽ᠤᠯᠤᠰ ᠠᠴᠠ ᠱᠠᠰᠢᠨ ᠰᠤᠷᠲᠠᠬᠤᠨ ᠤ ᠶᠤᠰᠤ ᠵᠢᠷᠤᠮ ᠢ ᠭᠠᠵᠢᠭᠤᠳᠠᠭᠤᠯᠬᠤ ᠪᠤᠶᠤ ᠪᠤᠰᠤᠳ ᠠᠷᠭ᠎ᠠ ᠪᠠᠷ ᠥᠰᠢᠶ᠎ᠡ ᠬᠤᠷᠣᠰᠤᠯ ᠲᠡᠭᠳᠡᠭᠡᠬᠦ᠂ ᠭᠠᠳᠠᠭᠤᠷᠴᠢᠯᠠᠵᠤ ᠲᠤᠷᠤᠮᠵᠢᠯᠠᠬᠤ  ᠂ ᠬᠦᠴᠦᠷᠬᠡᠭᠯᠡᠯ ᠢ ᠬᠥᠭᠡᠷᠭᠡᠳᠡᠬᠦ ᠵᠡᠷᠭᠡ ᠡᠯ᠎ᠡ ᠵᠦᠢᠯ ᠤᠨ ᠬᠡᠲᠦᠷᠡᠮᠡᠬᠡᠢ ᠦᠵᠡᠯ ᠢ ᠡᠰᠡᠷᠭᠦᠴᠡᠵᠦ᠂  ᠰᠦᠷᠳᠡᠬᠦᠯᠦᠯ ᠤᠨ ᠦᠵᠡᠯ ᠤᠨ ᠦᠵᠡᠯ ᠰᠠᠨᠠᠭᠠᠨ ᠤ ᠰᠠᠭᠤᠷᠢ ᠶᠢ ᠠᠷᠢᠯᠭᠠᠨ᠎ᠠ︾ ᠭᠡᠵᠦ ᠲᠤᠭᠳᠠᠭᠠᠭᠰᠠᠨ ᠪᠦᠭᠡᠳ ᠵᠢᠷᠭᠤᠳᠤᠭᠠᠷ ᠵᠤᠷᠪᠤᠰ ᠲᠤ ︽ᠰᠦᠷᠳᠡᠬᠦᠯᠦᠯ ᠤᠨ ᠦᠵᠡᠯ ᠢ ᠡᠰᠡᠷᠭᠦᠴᠡᠬᠦ ᠠᠵᠢᠯ ᠢ ᠬᠠᠤᠯᠢ ᠶᠣᠰᠣᠭᠠᠷ ᠶᠠᠪᠤᠭᠳᠠᠭᠤᠯᠵᠤ᠂ ᠬᠥᠮᠦᠨ ᠤ ᠡᠷᠬᠡ ᠶᠢ ᠬᠦᠨᠳᠦᠬᠡᠬᠦ ᠪᠠ ᠪᠠᠳᠤᠯᠠᠨ᠂ ᠠᠷᠠᠳ ᠢᠷᠭᠡᠨ ᠪᠠ ᠵᠣᠬᠢᠶᠠᠨ ᠪᠠᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠰᠦᠷᠳᠡᠬᠦᠯᠦᠯ ᠤᠨ ᠦᠵᠡᠯ ᠢ ᠡᠰᠡᠷᠭᠦᠴᠡᠬᠦ ᠠᠵᠢᠯ ᠤᠨ ᠳᠤᠮᠳᠠ ᠠᠷᠠᠳ ᠢᠷᠭᠡᠳ ᠤᠨ ᠱᠠᠱᠢᠨ ᠰᠢᠳᠦᠯᠭᠡ ᠶᠢᠨ ᠡᠷᠬᠡ ᠴᠢᠯᠥᠭᠡ ᠪᠣᠯᠤᠨ ᠦᠨᠳᠦᠰᠦᠲᠡᠨ ᠤ ᠵᠠᠩ ᠵᠠᠩᠰᠢᠯ ᠢ ᠬᠦᠨᠳᠦᠳᠭᠡᠵᠦ᠂ ᠭᠠᠵᠠᠷ ᠣᠷᠣᠨ᠂ ᠦᠨᠳᠦᠰᠦᠲᠡᠨ ᠶᠠᠰᠤᠳᠠᠨ᠂ ᠱᠠᠰᠢᠨ ᠰᠤᠷᠲᠠᠬᠤᠨ ᠵᠡᠷᠭᠡ ᠎ ᠶᠢᠨ ᠰᠢᠯᠳᠠᠭᠠᠨ ᠳᠤ ᠰᠠᠭᠤᠷᠢᠯᠠᠭᠰᠠᠨ ᠶᠠᠮᠠᠷᠪᠠ ᠭᠠᠳᠠᠭᠤᠷᠴᠢᠯᠠᠯ ᠤᠨ ᠴᠢᠨᠠᠷᠲᠠᠢ ᠦᠢᠯᠡ ᠭᠡᠷᠡᠭ ᠢ ᠡᠷᠡᠰ ᠴᠠᠭᠠᠵᠠᠯᠠᠨ᠎ᠠ︾ ᠭᠡᠵᠦ ᠲᠤᠭᠳᠠᠭᠠᠭᠰᠠᠨ ᠪᠠᠶᠢᠨ᠎ᠠ᠃ ᠠᠷᠪᠠᠨ ᠳᠣᠯᠣᠳᠤᠭᠠᠷ ᠵᠤᠷᠪᠤᠰ ᠲᠤ ᠪᠠᠰᠠ᠄ ︽ᠰᠣᠨᠢᠨ ᠮᠡᠳᠡᠭᠡ᠂ ᠷᠠᠳᠢᠣ᠋  ᠲᠧᠯᠸᠢᠰ᠂ ᠰᠣᠶᠣᠯ᠂ ᠱᠠᠰᠢᠨ ᠰᠤᠷᠲᠠᠬᠤᠨ᠂ ᠢᠨᠲ᠋ᠧᠷ ᠰᠦᠯᠵᠢᠶ᠎ᠡ ᠵᠡᠷᠭᠡ ᠳᠤ ᠬᠤᠯᠪᠤᠭᠳᠠᠭᠰᠠᠨ ᠪᠠᠶᠢᠭᠤᠯᠭ᠎ᠠ ᠨᠢᠬᠡᠴᠡ ᠨᠢ ᠰᠦᠷᠳᠡᠬᠦᠯᠦᠯ ᠤᠨ ᠦᠵᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠨᠡᠶᠢᠭᠡᠮ ᠨᠡᠶᠢᠲᠡ ᠳᠤ ᠬᠠᠨᠳᠤᠯᠭᠠᠲᠤ ᠴᠢᠨᠠᠷᠲᠠᠶ ᠪᠠᠷ ᠦᠷᠨᠢᠬᠦᠯᠬᠦ ᠬᠡᠷᠡᠭᠲᠡᠶ︾ ᠭᠡᠵᠦ ᠲᠤᠭᠳᠠᠭᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号