ᠯᠦᠸᠧ ᠲᠦᠸᠧ ᠱᠠᠨ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/10/21
   ᠠᠮᠢ ᠠᠬᠤᠶ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠣᠷᠣᠨ ᠪᠠ ᠲᠥᠪ ᠤᠨ ᠡᠳ᠋ ᠤᠨ ᠵᠠᠰᠠᠭ ᠤᠨ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠬᠢᠵᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠤᠷᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠳᠤᠷ ᠨᠠᠶᠢᠳᠠᠪᠤᠷᠢᠵᠢᠭᠤᠯᠬᠤ ᠶᠢᠨ ᠲᠥᠯᠥᠭᠡ᠂  ᠯᠦᠸᠧ ᠲᠦᠸᠧ ᠱᠠᠨ ᠪᠠᠯᠭᠠᠰᠤ ᠨᠢ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠳᠠᠳ ᠢᠶᠠᠷ ᠪᠦᠷᠢᠯᠳᠦᠭᠰᠡᠨ 2 ᠤᠬᠠᠭᠤᠯᠬᠤ ᠪᠦᠯᠬᠦᠮ ᠢ  ᠪᠠᠶᠢᠭᠤᠯᠵᠤ ᠪᠦᠬᠦ ᠪᠠᠯᠭᠠᠰᠤᠨ ᠤ 19 ᠲᠣᠰᠬᠤᠨ ᠳᠤ ᠬᠦᠨᠵᠡᠬᠡᠶᠢᠷᠡᠵᠦ ᠤᠬᠠᠭᠤᠯᠤᠨ ᠳᠠᠶᠢᠴᠢᠯᠠᠬᠤ ᠠᠵᠢᠯ ᠬᠢᠵᠡᠢ᠃  ᠠᠵᠢᠯᠳᠠᠳ ᠠᠴᠠ ︽ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠣᠷᠣᠨ ᠪᠠ ᠲᠥᠪ ᠤᠨ ᠡᠳ᠋ ᠤᠨ ᠵᠠᠰᠠᠭ ᠤᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠤᠷᠰᠢᠯᠲᠠ ᠬᠢᠵᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠬᠠᠢ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ︾᠎ ᠎ ᠯᠤᠭ᠎ᠠ ᠤᠶᠠᠯᠳᠤᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠵᠢᠴᠢ ᠰᠢᠳᠬᠡᠨ ᠲᠣᠷᠭᠠᠬᠤ ᠠᠷᠭ᠎ᠠ ᠬᠡᠮᠵᠢᠶ᠎ᠡ ᠶᠢ  ᠤᠶᠢᠯᠠᠭᠠᠮᠵᠢᠳᠠᠢ ᠰᠠᠶᠢᠬᠠᠨ ᠲᠠᠶᠢᠯᠪᠤᠷᠢᠯᠠᠬᠤ ᠶᠢᠨ ᠬᠠᠮᠲᠤ ᠮᠠᠯ ᠤᠨ ᠦᠨ᠎ᠡ ᠬᠠᠩᠰᠢ ᠪᠠ ᠮᠠᠯᠵᠢᠯ ᠤᠨ ᠪᠡᠯᠡ ᠣᠷᠣᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂  ᠰᠠᠶᠢᠨ ᠡᠬᠦᠯᠳᠡᠷ ᠤᠨ ᠡᠬᠡ ᠮᠠᠯ ᠢ ᠰᠢᠨᠵᠢᠯᠡᠬᠦ ᠤᠬᠠᠭᠠᠨᠴᠢ ᠪᠠᠷ  ᠪᠠᠳᠤᠯᠠᠨ ᠬᠠᠮᠠᠭᠠᠯᠠᠭᠰᠠᠨ ᠤᠷᠢᠲᠠᠯ ᠳᠣᠣᠷ᠎ᠠ ᠡᠷᠲᠡ ᠵᠠᠷᠤᠴᠠᠭᠤᠯᠵᠤ ᠲᠦᠷᠭᠡᠨ ᠵᠠᠷᠤᠴᠠᠭᠤᠯᠵᠤ ᠢᠯᠡᠭᠦᠦ ᠵᠠᠷᠤᠴᠠᠭᠤᠯᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠡᠪᠦᠯᠵᠢᠬᠦ ᠮᠠᠯ ᠤᠨ ᠲᠤᠭ᠎ᠠ ᠲᠤᠯᠤᠭᠠᠢ ᠶᠢ ᠪᠠᠭᠠᠰᠬᠠᠵᠤ᠂ ᠡᠪᠦᠯ ᠤᠨ ᠤᠯᠠᠷᠢᠯ ᠤᠨ ᠮᠠᠯᠵᠢᠯ ᠤᠨ ᠥᠪᠡᠷ ᠤᠨ ᠥᠷᠲᠡᠭ ᠢ ᠪᠠᠭᠤᠷᠠᠭᠤᠯᠤᠨ᠂  ᠴᠦᠬᠡᠨ ᠮᠠᠯᠵᠢᠵᠤ ᠨᠠᠷᠢᠯᠢᠭ ᠮᠠᠯᠵᠢᠬᠤ ᠶᠢ ᠵᠤᠷᠢᠬᠵᠢᠭᠤᠯᠪᠠ᠃ ᠤᠬᠠᠭᠤᠯᠭ᠎ᠠ ᠶᠢᠨ ᠬᠤᠭᠤᠴᠠᠭᠠᠨ ᠳᠤ᠂ ᠠᠶᠢᠯ ᠬᠤᠳᠠᠨ ᠤ ᠢᠯᠡ ᠭᠠᠵᠠᠷ ᠲᠤ  ᠬᠤᠰᠢᠭᠤᠨ ᠤ ᠠᠯᠪᠠᠨ ᠵᠠᠷᠯᠠᠯ  ᠪᠣᠯᠤᠨ ᠲᠦᠷᠦᠯ ᠵᠦᠢᠯ ᠤᠨ ᠤᠷᠤᠨ ᠤ ᠲᠠᠶᠢᠯᠪᠤᠷᠢ ᠵᠢᠷᠤᠭ ᠤᠳ ᠢ ᠨᠠᠭᠠᠵᠠᠶ᠃ ᠡᠨᠡ  ᠤᠳᠠᠭᠠᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ 720 ᠭᠠᠷᠤᠢ ᠲᠡᠵᠢᠭᠡᠨ ᠦᠷᠡᠵᠢᠭᠦᠯᠬᠦ ᠡᠷᠦᠬᠡ ᠶᠢ ᠬᠠᠮᠤᠷᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠯᠦᠸᠧ ᠲᠦᠸᠧ ᠱᠠᠨ ᠪᠠᠯᠭᠠᠰᠤ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠡᠳᠦᠷ ᠲᠤᠲᠤᠮ ᠤᠨ ᠬᠠᠤᠯᠢ ᠬᠡᠷᠡᠭᠵᠢᠭᠦᠯᠬᠦ  ᠠᠵᠢᠯ ᠤᠨ ᠡᠷᠴᠢᠮ ᠢ ᠴᠢᠩᠭᠠᠷᠠᠭᠤᠯᠤᠨ᠂ ᠴᠠᠭᠳᠠᠨ ᠪᠠᠶᠢᠴᠠᠭᠠᠬᠤ ᠤᠳᠠᠭ᠎ᠠ ᠲᠠᠷᠠᠭ᠎ᠠ ᠪᠠᠨ ᠨᠡᠮᠡᠭᠳᠡᠬᠦᠯᠵᠦ᠂  ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠬᠠᠤᠯᠢ ᠲᠦᠷᠢᠮ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠬᠦᠯᠦᠨ ᠰᠢᠢᠳᠪᠦᠷᠢᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠣᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠮᠢ ᠠᠬᠤᠶ ᠶᠢᠨ ᠬᠠᠯᠬᠠᠪᠴᠢ ᠶᠢ ᠪᠠᠳᠤ ᠴᠤᠭᠴᠠᠯᠠᠬᠤ ᠪᠠᠷ ᠪᠠᠶᠢᠨ᠎ᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号