ᠬᠤᠩ ᠴᠢ ᠪᠠᠯᠭᠠᠰᠤ᠄ ᠳᠡᠳ᠋ ᠬᠤᠰᠢᠭᠤ ᠳᠠᠷᠤᠭ᠎ᠠ ᠳ᠋ᠢᠩ ᡁᠢ ᠴᠢᠶᠠᠩ ᠣᠶ ᠮᠤᠳᠤᠨ ᠤ ᠬᠠᠮᠠᠭᠠᠯᠠᠯᠳᠠ  ᠶᠢᠨ ᠠᠵᠢᠯ ᠤᠨ ᠶᠠᠷᠢᠯᠴᠠᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/10/21
  10 ᠰᠠᠷ᠎ᠠ ᠶᠢᠨ 17 ᠤ ᠡᠳᠦᠷ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠢᠩ ᡁᠢ ᠴᠢᠶᠠᠩ ᠵᠡᠷᠭᠡ ᠬᠦᠮᠦᠰ ᠬᠤᠩ ᠴᠢ ᠪᠠᠯᠭᠠᠰᠤᠨ ᠳᠤ ᠬᠦᠨᠵᠡᠬᠡᠶᠢᠷᠡᠵᠦ ᠣᠢ ᠮᠣᠳᠣ ᠶᠢ ᠬᠠᠮᠢᠶᠠᠷᠴᠤ ᠬᠠᠮᠠᠭᠠᠯᠠᠬᠤ ᠠᠵᠢᠯ ᠤᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠵᠤ ᠬᠤᠷᠠᠯᠳᠤᠭᠤᠯᠤᠭᠰᠠᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠶ ᠹᠧᠩ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂ ᠬᠤᠯᠪᠣᠭᠳᠠᠯ ᠪᠥᠬᠦᠶ ᠲᠣᠰᠬᠤᠨ ᠤ ᠨᠠᠮ ᠤᠨ ᠡᠭᠦᠷ ᠤᠨ ᠱᠦᠵᠢ᠂ ᠣᠶ ᠰᠢᠭᠤᠶ ᠬᠠᠮᠠᠭᠠᠯᠠᠬᠤ ᠠᠵᠢᠯᠳᠠᠳ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠳ᠋ᠢᠩ ᡁᠢ ᠴᠢᠶᠠᠩ ᠠᠴᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠬᠠᠶ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠪᠠ᠃ ᠳ᠋ᠢᠩ ᡁᠢ ᠴᠢᠶᠠᠩ ᠴᠢᠬᠤᠯᠠᠴᠢᠯᠠᠬᠤ ᠳᠠᠭᠠᠨ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠩᠭᠠᠳᠬᠠᠨ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠢᠭᠡᠨ ᠤᠷᠲᠤ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠬᠤ ᠬᠡᠷᠡᠭᠲᠡᠢ᠃ ᠬᠤᠶᠠᠷ ᠲᠤ ᠬᠠᠤᠯᠢ ᠭᠡᠷᠡᠭᠵᠢᠬᠦᠯᠬᠦ ᠪᠠᠶᠢᠴᠠᠭᠠᠯᠲᠠ ᠶᠢ ᠴᠢᠩᠭᠠᠳᠬᠠᠵᠤ ᠲᠠᠯ᠎ᠠ ᠨᠤᠳᠤᠭ ᠤᠨ ᠠᠮᠢ ᠠᠬᠤᠶ ᠶᠢ ᠬᠠᠮᠠᠭᠠᠯᠠᠬᠤ ᠬᠡᠷᠡᠭᠲᠡᠶ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠠᠤᠯᠢ ᠬᠡᠷᠡᠭᠵᠢᠭᠦᠯᠵᠦ ᠴᠠᠭᠳᠠᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠳᠠᠪᠲᠠᠮᠵᠢ ᠪᠠᠨ ᠨᠡᠮᠡᠭᠳᠡᠬᠦᠯᠵᠦ᠂ ᠰᠦᠷᠳᠡᠬᠦᠯᠦᠯ ᠦᠭᠬᠦ ᠦᠢᠯᠡᠳᠦᠯ ᠢ ᠪᠠᠳᠠᠷᠠᠭᠤᠯᠤᠨ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠥᠬᠦ ᠲᠠᠯ᠎ᠠ ᠪᠠᠷ ᠭᠥᠯᠢᠶᠡᠨ ᠠᠪᠴᠤ᠂  ᠲᠦᠷᠢᠮ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠭᠤᠷᠪᠠ ᠳᠤ ᠤᠬᠠᠭᠤᠯᠭ᠎ᠠ ᠬᠥᠮᠦᠵᠢᠯ ᠢ ᠴᠢᠩᠭᠠᠳᠬᠠᠵᠤ  ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠤᠰ ᠠᠷᠭ᠎ᠠ ᠵᠠᠮ ᠢ ᠠᠰᠢᠭᠯᠠᠨ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠨ᠂ ᠮᠠᠯᠴᠢᠨ ᠲᠠᠷᠢᠶᠠᠴᠢᠳ ᠢ ᠵᠢᠯᠣᠭᠤᠳᠴᠤ ᠪᠠᠶᠢᠭᠠᠳ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠢ ᠡᠷᠭᠡᠪᠰᠢ ᠰᠠᠶᠢᠨ ᠬᠢᠬᠦ ᠭᠡᠷᠡᠭᠳᠡᠢ ᠭᠡᠪᠡ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号