︽ᠱᠠᠰᠢᠨ ᠰᠤᠷᠲᠠᠬᠤᠨ ᠤ ᠭᠡᠷᠡᠭ ᠡᠷᠬᠢᠯᠡᠬᠦ  ᠳᠦᠷᠢᠮ︾᠎ ᠤᠨ ᠭᠤᠣᠯ ᠠᠭᠤᠯᠭ᠎ᠠ ᠨᠢ ᠶᠠᠭᠤ ᠪᠤᠢ︖
ᠨᠡᠶᠢᠲᠡᠯᠡᠭᠰᠡᠨ ᠴᠠᠭ᠄
2024/10/22
    ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠦᠷᠢᠮ︾᠎ ᠢ 2005 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠦᠷᠢᠮ︾᠎ ᠢ 2018 ᠣᠨ ᠤ 2 ᠰᠠᠷ᠎ᠠ ᠶᠢᠨ 1᠎ ᠤ ᠡᠳᠦᠷ ᠠᠴᠠ ᠡᠬᠢᠯᠡᠨ ᠭᠡᠷᠡᠭᠵᠢᠬᠦᠯᠵᠡᠢ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠦᠷᠢᠮ︾᠎ ᠨᠢ ᠨᠡᠶᠢᠲᠡ 9 ᠪᠦᠯᠦᠭ 77 ᠵᠤᠷᠪᠤᠰ  ᠎ ᠢᠶᠠᠷ ᠪᠦᠷᠢᠯᠳᠦᠭᠰᠡᠨ ᠪᠠᠶᠢᠳᠠᠭ᠃ ᠲᠤᠬᠠᠶᠢᠯᠠᠪᠠᠯ ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠬᠤᠶᠠᠳᠤᠭᠠᠷ ᠪᠦᠯᠦᠭ ᠱᠠᠰᠢᠨ ᠰᠤᠷᠲᠠᠬᠤᠨ ᠤ ᠪᠦᠯᠬᠦᠮ᠂ ᠭᠤᠷᠪᠠᠳᠤᠭᠠᠷ ᠪᠦᠯᠦᠭ ᠱᠠᠰᠢᠨ ᠰᠤᠷᠲᠠᠬᠤᠨ ᠤ ᠶᠡᠭᠡ ᠰᠤᠷᠭᠠᠭᠤᠯᠢ᠂ ᠳᠥᠷᠪᠡᠳᠦᠭᠡᠷ ᠪᠦᠯᠦᠭ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ᠂ ᠲᠠᠪᠤᠳᠤᠭᠠᠷ ᠪᠦᠯᠦᠭ ᠱᠠᠰᠢᠨ ᠰᠤᠷᠲᠠᠬᠤᠨ ᠤ ᠪᠠᠭᠰᠢ ᠠᠵᠢᠯᠲᠠᠨ᠂ ᠵᠢᠷᠭᠤᠳᠤᠭᠠᠷ ᠪᠦᠯᠦᠭ ᠱᠠᠰᠢᠨ ᠰᠤᠷᠲᠠᠬᠤᠨ ᠤ ᠬᠦᠳᠡᠯᠪᠦᠷᠢ ᠠᠵᠢᠯᠯᠠᠭ᠎ᠠ᠂ ᠳᠣᠯᠣᠳᠤᠭᠠᠷ ᠪᠦᠯᠦᠭ ᠱᠠᠰᠢᠨ ᠰᠤᠷᠲᠠᠬᠤᠨ ᠤ ᠡᠳ᠋ ᠬᠥᠷᠥᠩᠭᠡ᠂ ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ᠂ ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠦᠷᠢᠮ︾᠎ ᠨᠢ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠬᠠᠤᠯᠢᠵᠢᠭᠤᠯᠵᠤ ᠲᠦᠷᠢᠮᠵᠢᠬᠦᠯᠵᠦ᠂ ︽ᠵᠢᠯᠣᠭᠤᠳᠬᠤ︾ ᠣᠪᠣᠷ ᠢᠶᠠᠷ ᠱᠠᠰᠢᠨ ᠰᠤᠷᠲᠠᠬᠤᠨ ᠳᠤ ᠬᠠᠨᠳᠤᠬᠤ  ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ᠂ ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ᠂ ᠱᠠᠰᠢᠨ ᠰᠤᠷᠲᠠᠬᠤᠨ ᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠱᠠᠰᠢᠨ ᠰᠤᠷᠲᠠᠬᠤᠨ ᠤ ᠡᠶ᠎ᠡ ᠵᠤᠬᠢᠴᠠᠩᠭᠤᠢ ᠬᠠᠷᠢᠴᠠᠭ᠎ᠠ ᠶᠢ ᠠᠬᠢᠭᠤᠯᠬᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠲᠦᠷᠢᠮᠵᠢᠬᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号