︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠳᠤ ᠱᠠᠰᠢᠨ ᠰᠤᠷᠲᠠᠬᠤᠨ ᠤ ᠠᠵᠢᠯ ᠤᠨ ᠲᠤᠬᠠᠢ  ᠶᠠᠮᠠᠷᠬᠠᠨ ᠲᠣᠭᠲᠠᠭᠠᠯ ᠤᠳ ᠪᠠᠶᠢᠭ᠎ᠠ︖
ᠨᠡᠶᠢᠲᠡᠯᠡᠭᠰᠡᠨ ᠴᠠᠭ᠄
2024/10/22
  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠤᠨ ᠨᠢᠭᠡᠳᠦᠭᠡᠷ ᠪᠦᠯᠦᠭ ᠤᠨ ᠭᠤᠷᠪᠠᠳᠤᠭᠠᠷ ᠵᠤᠷᠪᠤᠰ ᠲᠤ ︽ᠲᠦᠷᠦ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠡᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠢ ᠢᠳᠡᠪᠬᠢᠲᠡᠢ ᠠᠬᠢᠭᠤᠯᠵᠤ᠂ ᠬᠠᠮᠤᠭ ᠤᠨ ᠥᠷᠭᠡᠨ ᠳᠡᠯᠭᠡᠷ  ᠡᠬᠡ ᠤᠷᠤᠨᠴᠢ ᠨᠢᠭᠡᠳᠦᠮᠡᠯ ᠹᠷᠣᠨᠲ ᠢ ᠪᠠᠬᠢᠵᠢᠬᠦᠯᠬᠦ ᠪᠡ ᠬᠥᠭᠵᠢᠭᠦᠯᠦᠨ᠎ᠡ︾  ᠬᠡᠵᠦ ᠲᠤᠭᠳᠠᠭᠠᠭᠰᠠᠨ ᠪᠦᠭᠡᠳ ᠲᠠᠪᠤᠳᠤᠭᠠᠷ ᠵᠤᠷᠪᠤᠰ ᠲᠤ ᠨᠢᠭᠡᠳᠦᠮᠡᠯ ᠹᠷᠣᠨᠲ ᠤᠨ ᠠᠵᠢᠯ ᠤᠨ ᠬᠡᠪᠴᠢᠶᠡᠨ ᠳᠤ ︽ᠱᠠᠰᠢᠨ ᠰᠤᠷᠲᠠᠬᠤᠨ ᠤ ᠡᠲᠡᠭᠡᠳ︾ ᠪᠠᠭᠲᠠᠨ᠎ᠠ ᠬᠡᠵᠦ ᠲᠤᠳᠤᠷᠬᠠᠶᠢᠯᠠᠭᠰᠠᠨ ᠪᠠᠶᠢᠳᠠᠭ᠃ ᠬᠤᠶᠠᠳᠤᠭᠠᠷ ᠪᠦᠯᠦᠭ ᠤᠨ ᠶᠢᠰᠦᠳᠦᠭᠡᠷ ᠵᠤᠷᠪᠤᠰ ᠲᠤ ︽ᠨᠢᠭᠡᠳᠦᠮᠡᠯ ᠹᠷᠣᠨᠲ ᠤᠨ ᠬᠡᠯᠲᠡᠰ ᠨᠢ ᠱᠠᠰᠢᠨ ᠰᠤᠷᠲᠠᠬᠤᠨ ᠤ ᠠᠵᠢᠯ ᠢ ᠨᠢᠭᠡᠳᠦᠯᠲᠡᠢ ᠬᠠᠮᠢᠶᠠᠷᠴᠤ᠂ ᠱᠠᠰᠢᠨ ᠰᠤᠷᠲᠠᠬᠤᠨ ᠤ ᠠᠵᠢᠯ ᠤᠨ ᠰᠠᠯᠠᠭ᠎ᠠ ᠮᠥᠴᠢᠷ ᠢ ᠤᠳᠤᠷᠢᠳᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ︾  ︽ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ  ᠲᠤ ᠬᠠᠮᠵᠢᠯᠴᠠᠨ ᠨᠢᠭᠡᠳᠦᠮᠡᠯ ᠹᠷᠣᠨᠲ ᠤᠨ ᠠᠵᠢᠯ ᠢ  ᠰᠠᠶᠢᠨ ᠬᠢᠵᠦ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠭᠡᠰᠢᠬᠦᠳ ᠢ ᠲᠠᠨᠢᠯᠴᠠᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ︾  ᠭᠡᠵᠦ᠂ ᠠᠷᠪᠠᠨ ᠨᠢᠭᠡᠳᠦᠭᠡᠷ  ᠵᠤᠷᠪᠤᠰ ᠲᠤ ︽ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠢ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠠᠳᠠᠯᠢ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠯᠤᠨ᠎ᠠ︾ ᠭᠡᠵᠦ ᠲᠣᠭᠲᠠᠭᠠᠵᠠᠶ᠃  ᠡᠬᠦᠨ ᠤ ᠬᠠᠮᠳᠤ᠂ ᠵᠢᠷᠭᠤᠳᠤᠭᠠᠷ ᠪᠦᠯᠦᠭ ᠲᠤ ᠲᠤᠰᠬᠠᠶᠢᠯᠠᠨ ᠱᠠᠰᠢᠨ ᠰᠤᠷᠲᠠᠬᠤᠨ ᠤ ᠠᠵᠢᠯ ᠢ ᠶᠠᠷᠢᠭᠰᠠᠨ ᠪᠠᠶᠢᠨ᠎ᠠ᠃ ᠵᠢᠷᠭᠤᠳᠤᠭᠠᠷ ᠪᠦᠯᠦᠭ ᠤᠨ ᠬᠤᠷᠢᠨ ᠭᠤᠷᠪᠠᠳᠤᠭᠠᠷ ᠵᠤᠷᠪᠤᠰ ᠲᠤ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠱᠠᠰᠢᠨ ᠰᠤᠷᠲᠠᠬᠤᠨ ᠤ ᠣᠨᠣᠯ ᠢ ᠪᠠᠷᠢᠮᠳᠠᠯᠠᠬᠤ ᠪᠠ ᠬᠥᠭᠵᠢᠭᠦᠯᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠳᠠᠯᠠᠨ᠂ ︽ᠵᠢᠯᠤᠭᠤᠳᠬᠤ︾  ᠣᠪᠣᠷ ᠢᠶᠠᠷ ᠱᠠᠰᠢᠨ ᠰᠤᠷᠲᠠᠬᠤᠨ ᠳᠤ ᠬᠠᠨᠳᠤᠵᠤ᠂ ᠬᠠᠤᠯᠢ ᠶᠤᠰᠤᠨ ᠤ ᠬᠢ ᠶᠢ ᠬᠠᠮᠠᠭᠠᠯᠠᠨ᠂ ᠬᠠᠤᠯᠢ ᠪᠤᠰᠤ ᠶᠢ ᠴᠠᠭᠠᠵᠠᠯᠠᠵᠤ᠂ ᠬᠡᠲᠦᠷᠡᠮᠡᠬᠡᠢ ᠶᠢ ᠬᠤᠷᠢᠭᠯᠠᠨ᠂ ᠨᠡᠪᠴᠢᠯᠲᠡ ᠶᠢ ᠡᠰᠡᠷᠬᠦᠴᠡᠵᠦ᠂ ᠶᠠᠯᠠᠲᠤ ᠠᠵᠢᠯᠯᠠᠭ᠎ᠠ ᠳᠤ ᠴᠣᠬᠢᠯᠲᠠ ᠦᠭᠬᠦᠨ᠂  ᠡᠷᠡᠭᠦᠯ ᠰᠠᠶᠢᠨ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠶ︾ ᠬᠡᠵᠦ ᠴᠢᠬᠤᠯᠠᠴᠢᠯᠠᠪᠠ᠃  ᠬᠤᠷᠢᠨ ᠲᠦᠷᠪᠡᠳᠦᠭᠡᠷ ᠵᠤᠷᠪᠤᠰ ᠲᠤ  ︽ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠳᠠᠯᠠᠬᠤ ᠭᠡᠷᠡᠭᠳᠡᠢ︾ ᠬᠡᠵᠦ ᠴᠢᠬᠤᠯᠠᠴᠢᠯᠠᠭᠰᠠᠨ ᠪᠦᠭᠡᠳ ᠬᠤᠷᠢᠨ ᠲᠠᠪᠤᠳᠤᠭᠠᠷ ᠵᠤᠷᠪᠤᠰ ᠲᠤ ᠪᠠᠰᠠ ︽ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠨ ᠬᠠᠮᠳᠤᠷᠠᠯᠴᠠᠵᠤ᠂ ᠢᠲᠡᠭᠡᠯ ᠪᠢᠰᠢᠷᠡᠯ ᠤᠨ ᠲᠠᠯ᠎ᠠ ᠪᠠᠷ ᠬᠠᠷᠢᠯᠴᠠᠨ ᠬᠦᠨᠳᠦᠳᠭᠡᠵᠦ᠂ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠪᠠ ᠴᠢᠳᠠᠪᠤᠷᠢᠲᠠᠨ ᠤ ᠬᠦᠮᠦᠵᠢᠯ ᠢ ᠴᠢᠩᠭᠠᠳᠬᠠᠬᠤ ᠳᠤ ᠲᠡᠮᠵᠢᠯᠭᠡ ᠦᠵᠡᠬᠦᠯᠦᠨ᠂ ᠨᠠᠮ ᠪᠠ ᠱᠠᠰᠢᠨ ᠤ ᠡᠲᠡᠭᠡᠳ ᠤᠨ  ᠡᠬᠡ ᠤᠷᠤᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃  ᠡᠬᠦᠨ ᠤ ᠬᠠᠮᠳᠤ᠂ ᠬᠤᠷᠢᠨ ᠵᠢᠷᠭᠤᠳᠤᠭᠠᠷ ᠵᠤᠷᠪᠤᠰ ᠲᠤ ︽ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠴᠢᠩᠭᠠᠳᠬᠠᠬᠤ ᠭᠡᠷᠡᠭᠳᠡᠢ︾ ᠬᠡᠵᠦ  ᠴᠢᠬᠤᠯᠠᠴᠢᠯᠠᠭᠰᠠᠨ ᠪᠠᠶᠢᠳᠠᠭ᠃  
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号