ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/10/22
  10 ᠰᠠᠷ᠎ᠠ ᠶᠢᠨ 17 ᠤ ᠡᠳᠦᠷ᠂  ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ 2024 ᠤᠨ ᠤ ᠠᠷᠪᠠᠨ ᠨᠢᠭᠡᠳᠦᠭᠡᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠵᠠᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾᠂ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶   ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ ᠠᠵᠢᠯ ᠤᠨ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾᠂ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠠᠭᠤᠯᠭ᠎ᠠ ᠶᠢ ᠰᠤᠷᠤᠯᠴᠠᠭᠰᠠᠨ ᠪᠠᠶᠢᠨ᠎ᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯ ᠨᠠᠮ ᠤᠨ ᠰᠢᠯᠢᠳᠡᠭ ᠤᠯᠠᠮᠵᠢᠯᠠᠯ᠂ ᠠᠯᠢᠪᠠ ᠠᠵᠢᠯ ᠤᠨ ᠠᠮᠢᠨ ᠰᠤᠳᠠᠰᠤ ᠮᠥᠨ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠨᠠᠮ ᠢ ᠵᠠᠰᠠᠵᠤ ᠲᠦᠷᠦ ᠶᠢ ᠵᠠᠰᠠᠬᠤ ᠶᠢᠨ ᠴᠢᠬᠤᠯᠠ ᠠᠷᠭ᠎ᠠ ᠬᠡᠯᠪᠡᠷᠢ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠭᠦᠨᠵᠡᠭᠡᠢ ᠦᠷᠨᠢᠬᠦᠯᠦᠨ᠂ ᠦᠨᠳᠦᠰᠦᠨ ᠱᠠᠲᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠠᠮᠲᠤ ᠪᠠᠷ ᠠᠬᠢᠭᠤᠯᠬᠤ ᠶᠡᠭᠡ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号