ᠪᠤᠤᠴᠠᠩ  ᠪᠠᠯᠭᠠᠰᠤ᠄ ᠨᠠᠮ ᠤᠨ ᠬᠤᠷᠢᠶᠠᠨ ᠤ ᠱᠦᠵᠢ ᠰᠢᠨᠡᠭᠡᠨ ᠡᠯᠰᠡᠭᠳᠡᠭᠰᠡᠨ ᠨᠠᠮ ᠤᠨ ᠭᠡᠰᠢᠭᠦᠳ ᠲᠠᠢ ᠰᠡᠳᠬᠢᠯ ᠤᠨ ᠦᠭᠡ ᠪᠠᠨ ᠶᠠᠷᠢᠯᠴᠠᠪᠠ
ᠨᠡᠶᠢᠲᠡᠯᠡᠭᠰᠡᠨ ᠴᠠᠭ᠄
2024/10/22
   ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠪᠠ ᠪᠤᠯᠪᠠᠰᠤᠷᠠᠯ ᠬᠥᠮᠦᠵᠢᠯ ᠢ ᠴᠢᠩᠭᠠᠳᠬᠠᠵᠤ᠂ ᠨᠠᠮ ᠤᠨ ᠭᠡᠰᠢᠬᠦᠳ ᠢ ᠵᠤᠷᠢᠬᠵᠢᠭᠤᠯᠤᠨ ᠬᠦᠰᠡᠯᠡᠩ ᠢᠲᠡᠭᠡᠯ ᠪᠢᠰᠢᠷᠡᠯ ᠢ ᠨᠢ ᠪᠠᠳᠤᠳᠬᠠᠵᠤ᠂ ᠦᠵᠡᠯ ᠤᠬᠠᠮᠰᠠᠷ ᠢ ᠨᠢ  ᠲᠡᠭᠡᠭᠰᠢᠯᠡᠬᠦᠯᠦᠨ᠂ ᠨᠠᠮᠴᠢ ᠴᠢᠨᠠᠷ ᠤᠨ ᠪᠤᠯᠪᠠᠰᠤᠷᠠᠯ ᠢ ᠨᠢ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 21 ᠤ ᠡᠳᠦᠷ ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠰᠢᠨᠡᠭᠡᠨ ᠡᠯᠰᠡᠭᠳᠡᠭᠰᠡᠨ 7 ᠨᠠᠮ ᠤᠨ ᠭᠡᠰᠢᠬᠦᠳ ᠲᠠᠢ ᠰᠡᠳᠬᠢᠯ ᠤᠨ ᠦᠭᠡ ᠪᠠᠨ  ᠶᠠᠷᠢᠯᠴᠠᠵᠤ᠂ ᠲᠡᠳᠡᠨ ᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠭᠡᠭᠰᠡᠨ ᠤ ᠬᠠᠮᠲᠤ ᠪᠤᠳᠠᠳᠠᠢ ᠰᠠᠨᠠᠯ ᠱᠠᠭᠠᠷᠳᠠᠯᠭ᠎ᠠ ᠪᠠᠨ ᠳᠤᠷᠠᠳᠪᠠ᠃ ᠲᠤᠬᠠᠶᠢᠯᠠᠪᠠᠯ᠂ ᠨᠢᠬᠡ ᠳᠤ  ᠪᠡᠶ᠎ᠡ ᠪᠠᠷ ᠢᠶᠠᠨ ᠬᠡᠪ  ᠳᠠᠭᠤᠷᠢᠶᠠᠯ  ᠪᠤᠯᠵᠤ᠂ ᠡᠯ᠎ᠡ ᠵᠦᠢᠯ ᠤᠨ  ᠬᠦᠳᠡᠯᠪᠦᠷᠢ ᠠᠵᠢᠯᠯᠠᠭ᠎ᠠ ᠳᠤ ᠢᠳᠡᠪᠬᠢᠲᠡᠢ ᠤᠷᠤᠯᠴᠠᠨ᠂ ᠨᠠᠮᠴᠢ ᠴᠢᠨᠠᠷ ᠤᠨ ᠪᠣᠯᠪᠠᠰᠤᠷᠠᠯ ᠪᠣᠯᠤᠨ ᠶᠣᠰᠣ ᠰᠤᠷᠲᠠᠬᠤᠨ ᠤ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠵᠡᠯ  ᠤᠬᠠᠮᠰᠠᠷ ᠪᠣᠯᠤᠨ ᠶᠣᠰᠣ ᠰᠤᠷᠲᠠᠬᠤᠨ ᠢᠶᠠᠷ ᠢᠶᠠᠨ ᠪᠤᠰᠤᠳ ᠢ ᠨᠦᠯᠦᠭᠡᠯᠡᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠬᠦ ᠬᠡᠷᠡᠭᠲᠡᠢ᠃  ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠨ᠂ ᠡᠯ᠎ᠡ ᠵᠦᠢᠯ ᠤᠨ ᠥᠳᠥᠭᠡᠯᠭᠡ ᠳᠤ ᠭᠤᠶᠢᠪᠢᠯᠵᠠᠬᠤ ᠦᠭᠡᠢ ᠪᠠᠶᠢᠵᠤ᠂  ᠤᠪᠤᠷ ᠰᠤᠷᠳᠠᠯ ᠲᠥᠪ ᠴᠢᠬᠡᠴᠢ ᠪᠠᠶᠢᠬᠤ ᠬᠡᠷᠡᠭᠲᠡᠢ᠃ ᠤᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠶᠢ ᠤᠶᠢᠯᠠᠭᠠᠨ᠂ ᠤᠯᠠᠨ ᠲᠦᠮᠡᠨ ᠤ ᠠᠮᠢᠳᠤᠷᠠᠯ ᠢ ᠬᠠᠯᠠᠮᠵᠢᠯᠠᠵᠤ᠂ ᠤᠯᠠᠨ ᠲᠦᠮᠡᠨ ᠤ ᠢᠳᠡᠬᠡᠯ ᠢ ᠤᠯᠤᠭᠰᠠᠨ ᠳᠣᠲᠣᠨᠣ ᠬᠥᠮᠦᠨ ᠪᠣᠯᠬᠤ ᠬᠡᠷᠡᠭᠲᠡᠢ  ᠃ ᠬᠤᠶᠠᠷ ᠲᠤ ᠰᠤᠷᠤᠯᠴᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ︽ᠵᠢᠷᠭᠤᠭᠠᠨ ᠦᠬᠦᠯᠡᠪᠦᠷᠢ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠣᠶᠢᠯᠠᠭᠠᠬᠤ ᠬᠡᠷᠡᠭᠲᠡᠢ᠃ ᠰᠤᠷᠤᠯᠴᠠᠯᠭ᠎ᠠ ᠪᠠᠷ ᠲᠠᠮᠵᠢᠨ ᠮᠡᠳᠡᠯᠭᠡ ᠪᠠᠨ ᠥᠷᠭᠡᠳᠬᠡᠵᠦ᠂ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠨᠡᠩ ᠬᠦᠨᠵᠡᠬᠡᠢ ᠣᠶᠢᠯᠠᠭᠠᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠬᠡᠷᠡᠭᠯᠡᠵᠦ᠂ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠮᠡᠳᠡᠯᠭᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠪᠠᠷ ᠳᠠᠮᠵᠢᠨ᠂ ᠣᠯᠠᠨ ᠲᠦᠮᠡᠨ ᠤ ᠰᠤᠷᠤᠯᠴᠠᠬᠤ ᠳᠠᠭᠤᠷᠢᠶᠠᠯ ᠪᠣᠯᠵᠤ᠂ ᠣᠯᠠᠨ ᠲᠦᠮᠡᠨ ᠤ ᠰᠤᠷᠤᠯᠴᠠᠬᠤ ᠤᠷᠮ᠎ᠠ ᠵᠤᠷᠢᠭ ᠢ ᠲᠠᠶᠢᠴᠢᠯᠠᠬᠤ ᠭᠡᠷᠡᠭᠳᠡᠢ᠃ ᠭᠤᠷᠪᠠ ᠳᠤ  ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠤ᠂ ᠪᠤᠰᠤᠳ ᠤᠨ ᠰᠠᠨᠠᠯ ᠰᠠᠨᠠᠭᠤᠯᠭ᠎ᠠ ᠶᠢ ᠬᠢᠴᠢᠶᠡᠩᠬᠦᠢ ᠰᠤᠨᠤᠰᠤᠨ᠂ ᠪᠤᠰᠤᠳ ᠤᠨ ᠰᠣᠩᠭᠤᠯᠲᠠ ᠶᠢ ᠬᠦᠨᠳᠦᠳᠬᠡᠵᠦ᠂  ᠬᠠᠮᠳᠤ ᠨᠡᠶᠢᠲᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠠᠪᠰᠢᠬᠤ ᠬᠡᠷᠡᠭᠲᠡᠢ᠃ ᠬᠠᠮᠲᠤ ᠶᠢᠨ ᠠᠰᠢᠭ ᠲᠤᠰᠠ ᠶᠢ ᠲᠡᠷᠢᠬᠦᠨ ᠳᠤ ᠲᠠᠯᠪᠢᠵᠤ᠂ ᠬᠠᠮᠲᠤ ᠶᠢᠨ ᠢᠷᠠᠭᠤ ᠠᠯᠳᠠᠷ ᠢᠶᠠᠷ ᠢᠷᠠᠭᠤ ᠠᠯᠳᠠᠷ ᠪᠤᠯᠭᠠᠨ᠂ ᠬᠤᠪᠢ ᠶᠢᠨ ᠠᠰᠢᠭ ᠲᠤᠰᠠ ᠪᠠ ᠬᠠᠮᠲᠤ ᠶᠢᠨ ᠠᠰᠢᠭ ᠲᠤᠰᠠ ᠳᠤ ᠮᠥᠷᠭᠦᠯᠳᠦᠭᠡᠨ ᠭᠠᠷᠬᠤ ᠦᠶ᠎ᠡ ᠳᠤ ᠬᠤᠪᠢ ᠶᠢᠨ ᠠᠰᠢᠭ ᠲᠤᠰᠠ ᠪᠠᠨ ᠵᠣᠷᠢᠭᠲᠠᠢ ᠪᠠᠷ ᠦᠷᠡᠭᠳᠡᠭᠦᠯᠵᠦ᠂ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠪᠦᠯᠬᠦᠮᠳᠡᠨ ᠬᠠᠮᠵᠢᠯᠴᠠᠬᠤ ᠪᠠᠷ ᠲᠠᠮᠵᠢᠭᠠᠳ ᠣᠯᠠᠨ ᠲᠦᠮᠡᠨ ᠢ ᠲᠠᠶᠢᠴᠢᠯᠠᠨ ᠲᠠᠭᠠᠭᠤᠯᠵᠤ ᠨᠠᠩ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ  ᠴᠤᠭᠴᠠᠯᠠᠬᠤ ᠭᠡᠷᠡᠭᠳᠡᠢ ᠬᠡᠵᠦ ᠨᠠᠮ ᠤᠨ ᠬᠡᠰᠢᠬᠦᠳ ᠢ ᠱᠠᠭᠠᠷᠳᠠᠵᠠᠢ᠃ ᠬᠤᠷᠠᠯ ᠤᠨ ᠲᠠᠷᠠᠭ᠎ᠠ᠂ ᠸᠠᠩ ᠰᠢ ᠪᠢᠨ ᠪᠠᠰᠠ ᠰᠢᠨᠡᠬᠡᠨ ᠡᠯᠰᠡᠭᠳᠡᠭᠰᠡᠨ   ᠨᠠᠮ ᠤᠨ ᠭᠡᠰᠢᠬᠦᠨ ᠨᠢᠬᠡᠪᠦᠷᠢ ᠲᠠᠢ ᠲᠤᠰᠬᠠᠢ ᠶᠠᠷᠢᠯᠴᠠᠭ᠎ᠠ ᠬᠢᠵᠦ᠂ ᠲᠡᠳᠡᠨ ᠤ ᠨᠠᠮ ᠤᠨ ᠲᠤᠬᠠᠢ ᠲᠠᠨᠢᠯᠲᠠ᠂ ᠨᠠᠮ ᠳᠤ ᠤᠷᠤᠭᠰᠠᠨ ᠵᠤᠷᠢᠯᠳᠠ ᠪᠠ ᠨᠠᠮ ᠤᠨ ᠦᠨᠳᠦᠰᠦᠨ ᠤᠨᠤᠯ ᠢ ᠡᠵᠡᠮᠰᠢᠭᠰᠡᠨ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ᠂ ᠬᠤᠶᠢᠰᠢᠳᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠬᠡᠷᠬᠢᠨ ᠪᠠᠳᠠᠷᠠᠭᠤᠯᠬᠤ᠂ ᠤᠯᠠᠨ ᠲᠦᠮᠡᠨ ᠲᠠᠢ ᠬᠡᠷᠬᠢᠨ ᠨᠢᠭᠲᠠ ᠬᠠᠷᠢᠯᠴᠠᠬᠤ ᠲᠤᠬᠠᠢ ᠶᠠᠷᠢᠯᠴᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号