ᠲᠤᠬᠠᠶᠢᠯᠠᠭᠰᠠᠨ ᠠᠵᠢᠯ ᠤᠨ ᠰᠠᠭᠤᠷᠢ ᠶᠢ ᠪᠠᠳᠤᠳᠬᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/23
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠬᠤ ᠪᠠ  ︽ᠵᠢᠷᠭᠤᠭᠠᠨ ᠢᠨᠵᠧᠨᠧᠷᠢᠩ︾᠎ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠦᠷᠨᠢᠬᠦᠯᠦᠨ  ᠂ ᠬᠠᠮᠢᠶ᠎ᠠ ᠪᠥᠬᠦᠶ ᠠᠵᠢᠯᠲᠠᠨ ᠤ ᠠᠵᠢᠯ ᠤᠨ ᠬᠢᠷᠢ ᠴᠢᠳᠠᠪᠤᠷᠢ ᠪᠠ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 21᠎ ᠤ ᠡᠳᠦᠷ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠢᠷᠢ ᠴᠢᠳᠠᠪᠤᠷᠢ ᠬᠡᠪ ᠴᠢᠨᠠᠷ ᠢ ᠲᠡᠭᠡᠭᠰᠢᠯᠡᠬᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃  ᠡᠨᠡ ᠤᠳᠠᠭᠠᠨ ᠤ ᠪᠣᠯᠪᠠᠰᠤᠷᠠᠯ ᠲᠡᠭᠡᠷ᠎ᠡ ᠬᠠᠤᠯᠢ ᠴᠠᠭᠠᠵᠠ ᠶᠢᠨ ᠲᠤᠪᠴᠢᠶᠠᠨ ᠤ ᠬᠠᠤᠯᠢ ᠲᠦᠷᠢᠮ ᠤᠨ ᠠᠯᠪᠠᠨ ᠬᠡᠷ ᠤᠨ ᠡᠷᠬᠢᠯᠡᠭᠴᠢ ᠎ ᠠᠴᠠ ᠬᠠᠤᠯᠢ ᠪᠠᠷ ᠵᠠᠰᠠᠬᠤ ᠪᠠᠶᠢᠭᠤᠯᠤᠯᠲᠠ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠵᠢᠴᠢ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠠ ᠠᠵᠢᠯ ᠤᠨ ᠭᠤᠤᠯᠳᠠᠯᠭ᠎ᠠ ᠶᠢ ᠨᠠᠷᠢᠨ ᠲᠠᠶᠢᠯᠪᠤᠷᠢᠯᠠᠭᠰᠠᠨ ᠪᠦᠭᠡᠳ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠭᠡᠴᠡ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠳᠤᠮᠳᠠᠬᠢ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠪᠣᠳᠠᠲᠠᠶ ᠠᠵᠢᠯ ᠤᠨ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠲᠤᠷᠠᠳᠤᠭᠰᠠᠨ ᠪᠠᠶᠢᠨ᠎ᠠ᠃ ᠡᠬᠦᠨ ᠎ ᠤ ᠬᠠᠮᠳᠤ᠂ ᠠᠵᠢᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠠᠰᠠᠭᠤᠳᠠᠯ ᠢ ᠭᠦᠨᠵᠡᠭᠡᠢ ᠵᠠᠳᠠᠯᠤᠨ ᠰᠤᠳᠤᠯᠵᠤ᠂ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠠᠷᠭ᠎ᠠ ᠲᠦᠰᠦᠪ ᠪᠠ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠠᠢ᠃ ᠬᠠᠤᠯᠢ ᠴᠠᠭᠠᠵᠠ ᠶᠢᠨ ᠲᠣᠪᠴᠢᠶ᠎ᠠ ᠨᠢ ᠡᠨᠡ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠤᠯᠭᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠤᠯᠠᠮ ᠴᠢᠩᠭᠠᠳᠬᠠᠵᠤ᠂ ᠪᠠᠶᠢᠭᠤᠯᠤᠯ ᠲᠣᠭᠲᠠᠴᠠ ᠪᠠ ᠲᠦᠷᠢᠮ ᠤᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠤᠬᠠᠭᠤᠯᠭ᠎ᠠ ᠬᠥᠮᠦᠵᠢᠯ ᠬᠢᠭᠡᠳ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠦᠨᠡᠨᠴᠢ ᠢᠲᠡᠭᠡᠮᠵᠢᠲᠡᠶ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠦᠨᠡᠨᠴᠢ ᠢᠲᠡᠭᠡᠮᠵᠢ ᠶᠢᠨ ᠪᠠᠲᠤᠯᠠᠭ᠎ᠠ ᠬᠠᠩᠭᠠᠬᠤ ᠪᠠᠷ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号