ᠯᠦᠸᠧ ᠲᠦᠸᠧ ᠱᠠᠨ ᠪᠠᠯᠭᠠᠰᠤ᠄ ᠬᠤᠰᠢᠭᠤᠨ ᠤ ᠤᠳᠤᠷᠢᠳᠤᠯᠭ᠎ᠠ ᠨᠠᠷ ᠲᠤᠰᠬᠤᠨ ᠳᠤ ᠬᠦᠨᠵᠡᠬᠡᠶᠢᠷᠡᠵᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2024/10/24
  10 ᠰᠠᠷ᠎ᠠ ᠶᠢᠨ 23᠎ ᠤ ᠡᠳᠦᠷ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠸᠧᠨ ᠴᠠᠩ ᠵᠡᠷᠭᠡ ᠤᠳᠤᠷᠢᠳᠤᠯᠭ᠎ᠠ ᠯᠦᠸᠧ ᠲᠦᠸᠧ ᠱᠠᠨ ᠪᠠᠯᠭᠠᠰᠤᠨ ᠤ ᠭᠡᠰᠡᠭ ᠲᠣᠰᠬᠤᠨ ᠳᠤ ᠬᠦᠨᠵᠡᠬᠡᠶᠢᠷᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠪᠠᠶᠢᠴᠠᠭᠠᠨ ᠵᠢᠯᠤᠭᠤᠳᠤᠭᠰᠠᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠨᠠᠷ ᠳᠠᠩᠰᠠ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠤᠷᠠᠯ ᠬᠢᠵᠦ ᠶᠠᠷᠢᠯᠴᠠᠨ ᠰᠣᠯᠢᠯᠴᠠᠬᠤ ᠬᠡᠯᠪᠡᠷᠢ ᠪᠠᠷ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠡᠬᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠨᠠᠷᠢᠨ ᠤᠶᠢᠯᠠᠭᠠᠭᠰᠠᠨ ᠤ ᠬᠠᠮᠲᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠪᠠᠨ ᠳᠤᠷᠠᠳᠴᠠᠢ᠃ ᠲᠤᠬᠠᠶᠢᠯᠠᠪᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠦᠨ᠂ ᠬᠠᠷᠢᠭᠤᠴᠠᠯᠭ᠎ᠠ ᠶᠢ ᠬᠦᠢᠴᠡᠳ ᠨᠠᠶᠢᠳᠠᠪᠤᠷᠢᠵᠢᠭᠤᠯᠵᠤ᠂ ᠳᠡᠭᠡᠳᠦ ᠲᠤᠤᠷᠠᠳᠤ ᠱᠠᠳᠤ ᠬᠠᠮᠵᠢᠯᠴᠠᠨ ᠠᠵᠢᠯᠯᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠲᠦᠭᠵᠢᠷᠡᠯ ᠎ ᠤᠨ ᠠᠰᠠᠭᠤᠳᠠᠯ ᠢ ᠭᠦᠨᠵᠡᠭᠡᠢ ᠣᠶᠢᠯᠠᠭᠠᠵᠤ᠂  ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠣᠯᠤᠨ ᠲᠠᠷᠢᠶᠠᠴᠢᠨ ᠲᠦᠮᠡᠨ ᠤ ᠬᠦᠰᠡᠯ ᠡᠷᠡᠮᠡᠯᠵᠡᠯ ᠳᠤ ᠨᠡᠩ ᠨᠡᠶᠢᠴᠡᠭᠦᠯᠬᠦ ᠬᠡᠷᠡᠭᠲᠡᠢ᠃ ᠤᠨᠴᠠᠯᠢᠬᠳᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠪᠠᠶᠠᠯᠢᠬᠵᠢᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠪᠡᠷᠢ ᠶᠢ ᠲᠠᠰ ᠲᠡᠪᠰᠢᠬᠦᠯᠵᠦ᠂ ᠦᠷᠬᠦᠯᠵᠢᠯᠡᠭᠰᠡᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠬᠦᠯᠦᠨ᠂ ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ ᠦᠵᠡᠰᠬᠦᠯᠡᠩ᠂ ᠮᠠᠯᠴᠢᠨ ᠲᠠᠷᠢᠶᠠᠴᠢᠨ ᠴᠢᠨᠡᠭᠡᠯᠢᠭ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号