10 ᠰᠠᠷ᠎ᠠ ᠶᠢᠨ 23 ᠤ ᠡᠳᠦᠷ᠂ ᠰᠢᠩ ᠹᠦ᠋ ᠰᠢᠶᠠᠩ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ | ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠪᠣᠯᠪᠠᠰᠤᠷᠠᠯ ᠡᠷᠬᠢᠯᠡᠵᠡᠢ᠃ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠶᠢᠨ ᠲᠤᠪᠴᠢᠶᠠᠨ ᠤ ᠠᠵᠢᠯᠲᠠᠨ ᠠᠴᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ᠂ ᠬᠥᠳᠡᠭᠡ ᠲᠣᠰᠬᠤᠨ ᠤ | ᠬᠠᠮᠲᠤ ᠶᠢᠨ ︽ᠪᠠᠯᠠ ᠮᠦᠩᠬᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ | ᠡᠳ᠋ ᠬᠥᠷᠥᠩᠭᠡ ᠪᠠᠯᠠ ᠮᠥᠩᠭᠦ ᠶᠢ ᠬᠠᠷᠭᠤᠭᠤᠯᠤᠨ ᠪᠤᠳᠤᠬᠤ ᠲᠤᠬᠠᠶᠢᠯᠠᠭᠰᠠᠨ ᠠᠵᠢᠯ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠶ ᠶᠢᠨ ᠬᠦᠭᠵᠢᠯᠳᠡ ᠵᠡᠷᠭᠡ ᠠᠭᠤᠯᠭ᠎ᠠ ᠶᠢᠨ ᠲᠣᠭᠤᠷᠢᠨ ᠳᠤ ᠬᠥᠳᠡᠭᠡ ᠲᠣᠰᠬᠤᠨ ᠤ | ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠳᠤ ᠨᠠᠷᠢᠨ ᠨᠢᠮᠪᠠᠶ | ᠪᠦᠭᠡᠳ ᠪᠥᠬᠦ ᠲᠠᠯ᠎ᠠ ᠶᠢᠨ ᠲᠠᠶᠢᠯᠤᠮᠵᠢ ᠬᠢᠪᠠ᠃ ᠰᠢᠶᠠᠩ ᠤᠨ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ | ᠤᠨ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠲᠠᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ︵ | ᠡᠷᠬᠢᠯᠡᠭᠴᠢ︶ ᠪᠠ ᠳᠠᠩᠰᠠ ᠮᠡᠳᠡᠭᠦᠯᠦᠭᠴᠢ ᠪᠣᠯᠪᠠᠰᠤᠷᠠᠯ ᠳᠤ ᠤᠷᠤᠯᠴᠠᠵᠠᠢ᠃ ᠡᠨᠡ ᠤᠳᠠᠭᠠᠨ ᠤ ᠪᠣᠯᠪᠠᠰᠤᠷᠠᠯ ᠢᠶᠠᠷ | ᠲᠠᠮᠵᠢᠭᠠᠳ᠂ ᠬᠠᠮᠢᠶ᠎ᠠ ᠪᠥᠬᠦᠶ ᠺᠠᠳ᠋ᠷ ᠠᠵᠢᠯᠳᠠᠳ ᠤᠨ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ | ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠤᠬᠠᠶ ᠲᠠᠨᠢᠯᠲᠠ ᠪᠠ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ | ᠪᠠᠶᠠᠯᠢᠭ︾ ᠤᠨ ᠬᠠᠮᠢᠶᠠᠷᠤᠯᠲᠠ ᠶᠢ ᠤᠯᠠᠮ ᠲᠦᠷᠢᠮᠵᠢᠬᠦᠯᠦᠨ᠂ ᠬᠥᠳᠡᠭᠡ ᠲᠣᠰᠬᠤᠨ ᠤ ᠠᠵᠤ ᠠᠬᠤᠶ ᠶᠢᠨ | ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |