ᠴᠠᠩᠫᠢᠩ ᠲᠣᠭᠤᠷᠢᠭ ᠤᠨ ᠬᠢᠨ ᠶᠦᠩ ᠹᠧᠩ ᠪᠠᠯᠭᠠᠰᠤᠨ ᠳᠤ ᠭᠠᠷ ᠤᠷᠠᠯᠠᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/10/24
  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠬᠠᠪᠰᠤᠷᠤᠨ ᠲᠡᠳᠬᠦᠬᠦ ᠠᠵᠢᠯ ᠢ ᠤᠯᠠᠮ ᠡᠷᠴᠢᠮᠳᠡᠢ ᠦᠷᠨᠢᠬᠦᠯᠵᠦ᠂ ᠦᠷᠭᠡᠨ ᠤᠯᠠᠨ ᠡᠮᠡᠭᠲᠡᠶᠢᠴᠦᠳ ᠤᠨ ᠦᠢᠯᠡᠰ ᠪᠦᠳᠦᠬᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠬᠦᠯᠬᠦ  ᠶᠢᠨ ᠲᠤᠰᠠᠳᠠ᠂ 10 ᠰᠠᠷ᠎ᠠ ᠶᠢᠨ 22 ᠤᠨ ᠡᠳᠦᠷ ᠪᠡᠭᠡᠵᠢᠩ ᠬᠤᠳᠠ ᠶᠢᠨ ᠴᠠᠩᠫᠢᠩ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠨᠢ ᠴᠠᠩᠫᠢᠩ ᠲᠣᠭᠤᠷᠢᠭ ᠤᠨ ᠴᠢᠶᠣᠤ ᠹᠦ᠋ ᠨᠡᠶᠢᠭᠡᠮᠯᠢᠭ ᠤᠨ ᠬᠢᠨ ᠢ ᠵᠤᠬᠢᠶᠠᠨ ᠪᠠᠶᠢᠭᠤᠯᠵᠤ ᠶᠦᠩ ᠹᠧᠩ ᠪᠠᠯᠭᠠᠰᠤᠨ ᠤ ᠶᠤᠸᠠᠨ ᠱᠠᠨ ᠲᠣᠰᠬᠤᠨ ᠪᠠ ᠰᠠᠨ ᠳ᠋ᠤᠤ ᠭᠸᠦ ᠲᠣᠰᠬᠤᠨ ᠳᠤ ᠰᠦᠯᠵᠢᠶᠡᠨ  ᠤ ᠰᠢᠭᠤᠳ ᠨᠡᠪᠳᠡᠷᠡᠬᠦᠯᠭᠡ ᠶᠢᠨ ᠬᠡᠯᠪᠡᠷᠢ ᠪᠠᠷ ᠭᠠᠷ ᠤᠷᠠᠯᠠᠯ ᠤᠨ ᠪᠣᠯᠪᠠᠰᠤᠷᠠᠯ ᠡᠷᠬᠢᠯᠡᠭᠡᠳ ᠵᠢᠷᠠᠭᠠᠳ ᠬᠥᠮᠦᠨ ᠪᠣᠯᠪᠠᠰᠤᠷᠠᠯ ᠳᠤ ᠤᠷᠤᠯᠴᠠᠭᠰᠠᠨ ᠪᠠᠶᠢᠨ᠎ᠠ᠃ ᠬᠢᠴᠢᠶᠡᠯᠯᠡᠭᠴᠢ ᠪᠠᠭᠰᠢ ᠠᠴᠠ ᠠᠷᠠᠰᠤ ᠨᠤᠤᠰᠤᠨ ᠤ ᠴᠢᠮᠡᠭᠯᠡᠯ ᠤᠨ ᠵᠦᠢᠯ ᠦᠢᠯᠡᠳᠬᠦ ᠠᠯᠬᠤᠮ ᠳᠠᠷᠠᠭ᠎ᠠ ᠶᠢ ᠬᠦᠯᠢᠴᠡᠩᠭᠦᠢ ᠪᠠᠷ ᠲᠠᠶᠢᠯᠪᠤᠷᠢᠯᠠᠨ ᠶᠠᠷᠢᠵᠤ᠂ ᠲᠣᠰᠬᠤᠨ ᠤ ᠠᠷᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠤᠷᠤᠯᠴᠠᠭᠠᠳ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠡᠨᠡ ᠤᠳᠠᠭᠠᠨ ᠤ ᠬᠠᠪᠰᠤᠷᠤᠨ ᠲᠡᠳᠬᠦᠬᠦ ᠠᠵᠢᠯᠯᠠᠭ᠎ᠠ ᠨᠢ ᠴᠠᠩᠫᠢᠩ ᠲᠣᠭᠤᠷᠢᠭ ᠪᠠ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠠᠷᠠᠭᠤᠯᠵᠠᠢ᠃ ᠲᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤ ᠨᠢ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠨ ᠤ ᠤᠳᠤᠷᠢᠳᠤᠯᠭ᠎ᠠ ᠳᠣᠤᠷ᠎ᠠ᠂ ᠡᠮᠡᠭᠲᠡᠶᠢᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ  ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠪᠠ ᠡᠮᠡᠭᠲᠡᠶᠢᠴᠦᠳ ᠤᠨ ᠬᠡᠷᠡᠭᠴᠡᠭᠡ ᠶᠢ ᠦᠨᠳᠦᠰᠦᠯᠡᠨ᠂ ᠡᠯ᠎ᠡ ᠲᠥᠷᠥᠯ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠨᠠᠩ ᠣᠯᠠᠨ ᠡᠮᠡᠭᠲᠡᠶᠢᠴᠦᠳ ᠢ ᠵᠢᠯᠤᠭᠤᠳᠤᠨ ᠦᠢᠯᠡᠰ ᠪᠦᠳᠦᠬᠡᠵᠦ ᠠᠵᠢᠯ ᠣᠯᠬᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠵᠦ᠂ ᠪᠦᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号