ᠰᠢᠩ ᠹᠦ᠋ ᠰᠢᠶᠠᠩ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/10/24
  10 ᠰᠠᠷ᠎ᠠ ᠶᠢᠨ 23 ᠤ ᠡᠳᠦᠷ᠂ ᠰᠢᠩ ᠹᠦ᠋ ᠰᠢᠶᠠᠩ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠪᠣᠯᠪᠠᠰᠤᠷᠠᠯ ᠡᠷᠬᠢᠯᠡᠵᠡᠢ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠠᠵᠢᠯᠲᠠᠨ ᠠᠴᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ᠂ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠦᠩᠬᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠡᠳ᠋ ᠬᠥᠷᠥᠩᠭᠡ ᠪᠠᠯᠠ ᠮᠥᠩᠭᠦ ᠶᠢ ᠬᠠᠷᠭᠤᠭᠤᠯᠤᠨ ᠪᠤᠳᠤᠬᠤ ᠲᠤᠬᠠᠶᠢᠯᠠᠭᠰᠠᠨ ᠠᠵᠢᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠦᠭᠵᠢᠯᠳᠡ ᠵᠡᠷᠭᠡ ᠠᠭᠤᠯᠭ᠎ᠠ ᠶᠢᠨ ᠲᠣᠭᠤᠷᠢᠨ ᠳᠤ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠳᠤ ᠨᠠᠷᠢᠨ ᠨᠢᠮᠪᠠᠶ ᠪᠦᠭᠡᠳ ᠪᠥᠬᠦ ᠲᠠᠯ᠎ᠠ ᠶᠢᠨ ᠲᠠᠶᠢᠯᠤᠮᠵᠢ ᠬᠢᠪᠠ᠃ ᠰᠢᠶᠠᠩ ᠤᠨ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾  ᠤᠨ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠲᠠᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ︵ᠡᠷᠬᠢᠯᠡᠭᠴᠢ︶  ᠪᠠ ᠳᠠᠩᠰᠠ ᠮᠡᠳᠡᠭᠦᠯᠦᠭᠴᠢ ᠪᠣᠯᠪᠠᠰᠤᠷᠠᠯ ᠳᠤ ᠤᠷᠤᠯᠴᠠᠵᠠᠢ᠃  ᠡᠨᠡ ᠤᠳᠠᠭᠠᠨ ᠤ ᠪᠣᠯᠪᠠᠰᠤᠷᠠᠯ ᠢᠶᠠᠷ ᠲᠠᠮᠵᠢᠭᠠᠳ᠂ ᠬᠠᠮᠢᠶ᠎ᠠ ᠪᠥᠬᠦᠶ ᠺᠠᠳ᠋ᠷ ᠠᠵᠢᠯᠳᠠᠳ ᠤᠨ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠤᠬᠠᠶ ᠲᠠᠨᠢᠯᠲᠠ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢ ᠤᠯᠠᠮ ᠲᠦᠷᠢᠮᠵᠢᠬᠦᠯᠦᠨ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号