ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/25
  10 ᠰᠠᠷ᠎ᠠ ᠶᠢᠨ 24᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 110 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠎ ᠠᠴᠠ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠵᠡᠪᠰᠡᠭᠯᠡᠯ᠂ ᠰᠤᠷᠤᠯᠴᠠᠯᠭ᠎ᠠ ᠶᠢᠨ  ᠦᠷ᠎ᠡ ᠪᠦᠲᠦᠮᠵᠢ᠂ ᠰᠠᠬᠢᠯᠭ᠎ᠠ ᠪᠠᠲᠤ ᠶᠢᠨ ᠪᠣᠯᠪᠠᠰᠤᠷᠠᠯ᠂ ᠰᠡᠷᠡᠮᠵᠢᠯᠡᠭᠦᠯᠬᠦ ᠬᠥᠮᠦᠵᠢᠯ᠂ ᠪᠠᠶᠢᠴᠠᠭᠠᠯᠳᠠ ᠴᠡᠭᠴᠡᠯᠡᠯᠳᠡ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠦᠮᠦᠵᠢᠯ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠱᠠᠲᠤᠨ ᠤ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶  ᠎ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠨᠣᠮ ᠤᠩᠰᠢᠬᠤ ᠠᠩᠭᠢ᠂ ᠰᠤᠳᠤᠯᠤᠨ ᠶᠠᠷᠢᠯᠴᠠᠬᠤ ᠠᠩᠭᠢ ᠵᠡᠷᠭᠡ ᠬᠡᠯᠪᠡᠷᠢ ᠪᠠᠷ ᠲᠠᠮᠵᠢᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠠᠬᠢᠯᠭ᠎ᠠ ᠪᠠᠲᠤ ᠶᠢᠨ ᠬᠥᠮᠦᠵᠢᠯ ᠢ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠳᠤ  ᠠᠭᠤᠰᠤᠯᠴᠠᠭᠤᠯᠤᠨ᠂ ᠱᠠᠭᠠᠷᠳᠠᠯᠭ᠎ᠠ ᠶᠣᠰᠣᠭᠠᠷ ᠰᠠᠬᠢᠯᠭ᠎ᠠ ᠪᠠᠲᠤ ᠶᠢᠨ ᠬᠠᠮᠢᠶᠠᠳᠠᠢ ᠨᠠᠮ ᠤᠨ ᠬᠢᠴᠢᠶᠡᠯ ᠢ ᠰᠠᠶᠢᠨ ᠤᠷᠤᠵᠤ᠂ ᠡᠯ᠎ᠡ ᠲᠦᠷᠦᠯ ᠤᠨ ᠡᠭᠦᠷᠭᠡ ᠶᠢ ᠴᠢᠨᠠᠷ ᠰᠠᠶᠢᠲᠠᠶ ᠰᠠᠶᠢᠲᠤᠷ ᠪᠡᠶᠡᠯᠡᠭᠦᠯᠬᠦ ᠬᠡᠷᠡᠭᠲᠡᠶ ᠭᠡᠪᠡ᠃ ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠴᠡᠷᠢᠭ ᠤᠨ ᠴᠡᠷᠢᠭ ᠤᠨ ᠶᠠᠪᠤᠳᠠᠯ ᠤᠨ ᠤᠨᠤᠯ ᠤᠨ ᠠᠵᠢᠯ ᠤᠨ ᠬᠤᠷᠠᠯ ᠲᠡᠭᠡᠷᠡᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠤᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠦᠭᠡᠳ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠳᠤᠭᠤᠶᠢᠯᠠᠩ᠂ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠵᠢᠯᠤᠭᠤᠳᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠮᠡᠳᠡᠭᠦᠯᠦᠯᠲᠡ ᠶᠢ ᠰᠣᠨᠣᠰᠴᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号