ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/10/25
  10 ᠰᠠᠷ᠎ᠠ ᠶᠢᠨ 23᠎ ᠤ ᠡᠳᠦᠷ᠂  ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠨᠢ 2024 ᠣᠨ ᠤ 15 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠡ᠃ ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ᠤᠷᠬᠢᠯ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠳᠠᠭᠠᠭᠤᠯᠤᠨ  ᠰᠤᠷᠤᠯᠴᠠᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠡᠰᠢᠬᠦᠳ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠨᠡᠶᠢᠳᠡᠯᠡᠭᠰᠡᠨ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶᠎ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ︾᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠠᠵᠢᠯ ᠤᠨ ᠲᠤᠬᠠᠶ ᠬᠡᠷᠡᠭᠵᠢᠭᠦᠯᠬᠦ ᠲᠦᠰᠦᠪ︾᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ︽︿ᠰᠢᠯᠢ ᠶᠢᠨ ᠭᠤᠤᠯ ᠠᠶᠢᠮᠠᠭ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠲᠦᠷᠢᠮ︾ ᠵᠡᠷᠭᠡ ᠶᠢ ᠲᠤᠰᠪᠤᠷᠢ ᠳᠠᠭᠠᠭᠤᠯᠤᠨ ᠰᠤᠷᠤᠯᠴᠠᠭᠰᠠᠨ ᠪᠥᠭᠡᠳ ᠪᠣᠳᠠᠲᠠᠶ ᠠᠵᠢᠯ ᠲᠠᠢ ᠪᠠᠨ ᠤᠶᠠᠯᠳᠤᠭᠤᠯᠵᠤ ᠰᠤᠳᠤᠯᠤᠨ ᠶᠠᠷᠢᠯᠴᠠᠭᠰᠠᠨ ᠪᠠᠶᠢᠨ᠎ᠠ᠃ ᠣᠷᠭᠢᠯ ᠶᠠᠷᠢᠶᠠᠨ ᠳᠠᠭᠠᠨ᠂ ᠦᠵᠡᠯ ᠤᠬᠠᠮᠰᠠᠷ ᠤᠨ ᠬᠡᠯᠪᠡᠷᠢ ᠪᠣᠯ ᠨᠠᠮ ᠤᠨ ᠨᠢᠭᠡ ᠲᠦᠷᠦᠯ ᠤᠨ ᠲᠦᠢᠯ ᠤᠨ ᠴᠢᠬᠤᠯᠠ ᠠᠵᠢᠯ ᠮᠥᠨ᠂ ᠶᠡᠷᠦᠩᠬᠡᠶ ᠱᠦᠵᠢ ᠰᠢ ᠶᠢᠨ ᠫᠢᠩ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭᠠᠪᠤᠷᠢ ᠥᠭᠴᠦ᠂ ᠪᠢᠳᠡᠨ ᠤ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠳᠤ ᠬᠠᠷᠠᠯᠲᠠ ᠡᠭᠦᠷᠭᠡ ᠶᠢ ᠲᠤᠳᠤᠷᠬᠠᠶᠢᠯᠠᠨ᠂ ᠠᠵᠢᠯ ᠤᠨ ᠴᠢᠭᠯᠡᠯ ᠢ ᠵᠢᠭᠠᠵᠤ᠂ ᠦᠨᠳᠦᠰᠦᠨ ᠮᠦᠷᠳᠡᠯᠭᠡ ᠶᠢ ᠬᠠᠩᠭᠠᠭᠰᠠᠨ ᠪᠠᠶᠢᠨ᠎ᠠ᠃ ᠡᠩ ᠲᠡᠷᠢᠭᠦᠨ ᠳᠤ᠂ ᠪᠢᠳᠡ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ  ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ︽ᠴᠠᠭ ᠢᠮᠠᠭᠲᠠ ᠰᠠᠨᠠᠭ᠎ᠠ ᠠᠯᠭᠠᠰᠠᠬᠤ︾ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠢᠶᠠᠷ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠨ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ᠃ ᠲᠠᠷᠠᠭ᠎ᠠ ᠳᠤᠨᠢ  ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠯᠤᠭ᠎ᠠ ᠤᠶᠠᠯᠳᠤᠭᠤᠯᠵᠤ᠂ ᠰᠢᠰᠲ᠋ᠧᠮ ᠲᠠᠢ ᠰᠤᠷᠤᠯᠴᠠᠬᠤ ᠶᠢ  ᠴᠢᠩᠭᠠᠳᠬᠠᠨ᠂ ᠦᠢᠯᠡᠳᠦᠯᠭᠡ ᠶᠢᠨ ᠤᠳᠤᠷᠢᠳᠤᠮᠵᠢ ᠶᠢ ᠳᠤᠪᠤᠶᠢᠯᠭᠠᠵᠤ᠂ ᠡᠩᠨᠡᠭᠡᠨ ᠤ ᠪᠠᠶᠢᠭᠤᠯᠤᠯᠲᠠ ᠶᠢ ᠰᠢᠯᠢᠳᠡᠭᠵᠢᠬᠦᠯᠦᠨ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ  ᠪᠤᠳᠠᠳᠠᠢ ᠨᠠᠶᠢᠳᠠᠪᠤᠷᠢᠵᠢᠵᠤ ᠨᠠᠷᠢᠯᠢᠭ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号