ᠭᠤᠷᠪᠠᠳᠤᠭᠠᠷ ᠤᠯᠠᠷᠢᠯ ᠤᠨ ︽832︾  ᠵᠠᠰᠠᠭ ᠤᠨ ᠤᠷᠳᠤᠨ ᠤ ᠬᠤᠳᠠᠯᠳᠤᠨ ᠠᠪᠬᠤ ᠲᠠᠪᠴᠠᠩ ᠤᠨ ᠪᠠᠶᠢᠳᠠᠯ
ᠨᠡᠶᠢᠲᠡᠯᠡᠭᠰᠡᠨ ᠴᠠᠭ᠄
2024/10/25
   ᠡᠨᠡ ᠵᠢᠯ ᠤᠨ ᠭᠤᠷᠪᠠᠳᠤᠭᠠᠷ ᠤᠯᠠᠷᠢᠯ ᠳᠤ᠂ ᠲᠥᠪ ᠤᠨ ᠪᠠ ᠣᠷᠣᠨ ᠨᠤᠲᠤᠭ ᠤᠨ ᠲᠥᠰᠦᠪ ᠤᠨ ᠨᠢᠭᠡᠴᠡ ᠨᠢ ︽832︾ ᠵᠠᠰᠠᠭ ᠤᠨ ᠶᠠᠪᠤᠳᠠᠯ ᠤᠨ ᠬᠤᠳᠠᠯᠳᠤᠨ ᠠᠪᠬᠤ ᠲᠠᠪᠴᠠᠩ ᠢᠶᠠᠷ ᠳᠠᠮᠵᠢᠨ ᠲᠠᠶᠢᠹᠤᠰᠧ ᠬᠤᠰᠢᠭᠤᠨ ᠤ ᠦᠬᠡᠷ ᠬᠤᠨᠢᠨ ᠮᠢᠬ᠎ᠠ᠂ ᠬᠤᠮᠠ ᠶᠢᠨ ᠲᠣᠰᠣ᠂ ᠨᠦᠢᠯ ᠪᠤᠳᠠᠭ᠎ᠠ ᠵᠡᠷᠭᠡ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ 7065 ᠬᠤᠪᠢ ᠬᠤᠳᠠᠯᠳᠤᠨ ᠠᠪᠴᠦ᠂  ᠠᠷᠠᠯᠵᠢᠶᠠᠨ ᠤ ᠬᠡᠮᠵᠢᠶ᠎ᠡ ᠨᠢ 1268 ᠲᠦᠮᠡᠨ ᠲᠥᠭᠦᠷᠢᠭ ᠲᠤ ᠬᠦᠷᠴᠡᠢ᠃ ︽832︾ ᠵᠠᠰᠠᠭ ᠤᠨ ᠤᠷᠳᠤᠨ ᠤ ᠬᠤᠳᠠᠯᠳᠤᠨ ᠠᠪᠬᠤ ᠲᠠᠪᠴᠠᠩ ᠨᠢ ᠰᠦᠯᠵᠢᠶᠡᠨ ᠳᠤ ᠭᠠᠷᠤᠭᠰᠠᠨ ᠠᠴᠠ ᠨᠠᠰᠢ᠂ ᠨᠡᠶᠢᠲᠡ 27098 ᠬᠤᠪᠢ ᠵᠠᠬᠢᠶᠠᠯᠠᠭ᠎ᠠ ᠶᠢ ᠪᠡᠶᠡᠯᠡᠭᠦᠯᠵᠦ᠂ ᠠᠷᠠᠯᠵᠢᠶᠠᠨ ᠤ ᠬᠡᠮᠵᠢᠶ᠎ᠡ ᠨᠢ ᠨᠡᠶᠢᠲᠡ 1.46 ᠳ᠋ᠦᠩᠰᠢᠭᠤᠷ ᠲᠥᠭᠦᠷᠢᠭ ᠲᠤ ᠬᠦᠷᠦᠭᠡᠳ᠂ ᠲᠠᠶᠢᠹᠤᠰᠧ ᠬᠤᠰᠢᠭᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠳᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠲᠠᠶᠢᠹᠤᠰᠧ ᠬᠤᠰᠢᠭᠤᠨ ᠤ ᠬᠠᠩᠭᠠᠨ ᠪᠤᠷᠤᠯᠠᠭᠤᠯᠬᠤ ᠬᠤᠷᠰᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号