ᠴᠧᠨ ᠶᠠᠨ ᠪᠦᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/10/25
  10 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠯᠦᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠡᠢ᠃ ᠴᠧᠨ ᠶᠠᠨ ᠪᠦᠦ ᠤᠷᠢᠳ ᠬᠤᠵᠢᠳ ᠾᠧᠢ ᠴᠢᠦᠶ ᠱᠠᠨ ᠲᠣᠰᠬᠤᠨ᠂ ᠵᠥᠩ ᠾᠧ ᠲᠣᠰᠬᠤᠨ᠂ ᠴᠢᠯᠠᠭᠤᠨ ᠤᠰᠤ ᠲᠣᠰᠬᠤᠨ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠰᠠᠭᠤᠨ ᠯᠠᠪᠯᠠᠵᠤ ᠰᠠᠨᠠᠯ ᠢᠶᠠᠨ ᠰᠤᠯᠢᠯᠴᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ᠂ ︽ᠬᠤᠶᠠᠷ ᠲᠤ ᠦᠯᠦ ᠵᠣᠪᠠᠭ᠋ᠤ ᠭᠤᠷᠪᠠ ᠶᠢ ᠵᠠᠪᠠᠯ ᠪᠠᠲᠤᠯᠠᠬᠤ︾ ᠲᠦᠷᠦ ᠶᠢᠨ ᠪᠤᠳᠤᠯᠭ᠎ᠠ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠠᠵᠤ  ᠦᠢᠯᠡᠰ ᠤᠨ ᠱᠠᠩᠨᠠᠯ ᠨᠥᠬᠦᠪᠥᠷᠢ᠂ ᠬᠠᠮᠲᠤ ᠶᠢᠨ ᠠᠵᠤ ᠠᠬᠤᠶ ᠶᠢᠨ ᠬᠦᠭᠵᠢᠯᠳᠡ ᠂ ᠮᠠᠯ ᠤᠨ ᠵᠠᠷᠤᠴᠠᠭᠤᠯᠤᠯᠳᠠ ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠪᠠᠨ ᠳᠤᠷᠠᠳᠪᠠ᠃ ᠴᠧᠨ ᠶᠠᠨ ᠪᠦᠦ ᠵᠢᠭᠠᠵᠤ ᠭᠠᠷᠭᠠᠬᠤ ᠳᠠᠭᠠᠨ᠂ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠥᠭᠵᠢᠯᠲᠡ ᠶᠢᠨ ᠰᠡᠳᠬᠢᠴᠡ ᠪᠠᠨ ᠰᠢᠨᠡᠳᠭᠡᠨ᠂  ᠠᠵᠤ ᠦᠢᠯᠡᠰ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠬᠠᠮᠲᠤ ᠶᠢᠨ ᠠᠵᠤ ᠠᠬᠤᠢ ᠪᠠ ᠠᠵᠤ ᠦᠢᠯᠡᠰ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠥᠷᠭᠡᠳᠬᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ  ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠬᠢᠨᠠᠮᠠᠭᠠᠢ ᠰᠠᠶᠢᠨ ᠬᠢᠵᠦ᠂ ᠣᠷᠣᠯᠭ᠎ᠠ ᠵᠠᠷᠤᠯᠭ᠎ᠠ ᠶᠢ ᠪᠤᠳᠤᠬᠤ᠂ ᠮᠡᠳᠡᠭᠡ ᠵᠠᠩᠭᠢ ᠶᠢ ᠴᠤᠭᠯᠠᠭᠤᠯᠬᠤ ᠵᠡᠷᠭᠡ ᠠᠵᠢᠯ ᠢ ᠨᠠᠷᠢᠯᠢᠭ ᠤᠨᠤᠪᠴᠢᠳᠠᠢ ᠥᠷᠨᠢᠭᠦᠯᠵᠦ᠂ ᠣᠨᠴᠠᠭᠠᠢ ᠬᠦᠴᠢᠷᠳᠡᠯᠲᠡᠢ ᠬᠥᠮᠦᠰ ᠢ ᠰᠠᠶᠢᠳᠤᠷ ᠠᠩᠬᠠᠷᠤᠨ᠂ ᠪᠠᠶᠢᠩᠭᠤᠵᠢᠭᠰᠠᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠰᠠᠶᠢᠨ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠣᠰᠬᠤᠨ ᠱᠠᠲᠤᠨ ᠤ ᠲᠠᠩᠰᠠ ᠮᠠᠲ᠋ᠧᠷᠢᠶᠠᠯ ᠢ ᠡᠮᠬᠢᠯᠡᠬᠦ ᠪᠠᠨ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠤᠷᠪᠤᠰ ᠳᠠᠷᠠᠭᠠᠯᠠᠨ ᠡᠷᠢᠵᠦ ᠭᠠᠷᠭᠠᠬᠤ ᠶᠢᠨ ᠬᠠᠮᠳᠤ ᠴᠠᠭ ᠲᠤᠬᠠᠶ ᠳᠤᠨᠢ ᠲᠦᠷᠢᠮᠵᠢᠬᠦᠯᠦᠨ ᠲᠡᠭᠦᠯᠳᠡᠷᠵᠢᠭᠦᠯᠵᠦ᠂ ᠲᠠᠩᠰᠠ ᠮᠠᠲ᠋ᠧᠷᠢᠶᠠᠯ ᠢᠶᠠᠷ ᠲᠠᠮᠵᠢᠨ ᠦᠨᠡᠨ ᠪᠤᠳᠠᠳᠠᠢ ᠪᠠᠶᠢᠳᠠᠯ ᠢ ᠪᠥᠬᠦ ᠲᠠᠯ᠎ᠠ ᠪᠠᠷ ᠨᠠᠷᠢᠯᠢᠭ  ᠤᠨᠤᠪᠴᠢᠳᠠᠢ ᠪᠠᠷ ᠲᠤᠰᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ ᠢ ᠰᠠᠶᠢᠨ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号