ᠲᠠᠶᠢᠹᠤᠰᠧ ᠬᠤᠰᠢᠭᠤ ᠠᠷᠠᠯᠵᠢᠶᠠᠴᠢᠨ ᠤᠷᠢᠬᠤ ᠪᠡᠯᠡ ᠤᠷᠤᠭᠤᠯᠬᠤ ᠶᠢ ᠴᠢᠩᠭᠠᠳᠬᠠᠨ ᠠᠵᠤ ᠦᠢᠯᠡᠰ ᠤᠨ ᠬᠡᠯᠬᠢᠶᠡᠰᠦ ᠶᠢ ᠤᠷᠳᠤᠳᠬᠠᠵᠤ ᠰᠢᠯᠢᠳᠡᠭᠵᠢᠬᠦᠯᠵᠦ ᠪᠠᠶᠢᠭᠤᠯᠤᠨ᠎ᠠ
ᠨᠡᠶᠢᠲᠡᠯᠡᠭᠰᠡᠨ ᠴᠠᠭ᠄
2024/10/28
   ᠲᠠᠶᠢᠹᠤᠰᠧ ᠬᠤᠰᠢᠭᠤ ᠨᠢ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠣᠷᠣᠨ ᠪᠠᠶᠢᠷᠢ᠂ ᠵᠠᠮ ᠬᠠᠷᠢᠯᠴᠠᠭ᠎ᠠ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ  ᠂ ︽ᠡᠬᠦᠷ ᠪᠠᠷᠢᠵᠤ ᠭᠠᠷᠤᠳᠢ ᠤᠷᠢᠬᠤ︾ ᠢᠨᠵᠧᠨᠧᠷᠢᠩ ᠢ ᠬᠦᠴᠦᠯᠡᠨ ᠭᠡᠷᠡᠭᠵᠢᠬᠦᠯᠵᠦ᠂ ︽8 + N︾ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ᠂ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠪᠠ ᠬᠤᠭᠤᠰᠣᠨ ᠲᠠᠯ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠠᠷᠠᠯᠵᠢᠶᠠᠴᠢᠨ ᠤᠷᠢᠬᠤ ᠪᠡᠯᠡ ᠤᠷᠤᠭᠤᠯᠬᠤ ᠶᠢ ᠴᠢᠩᠭᠠᠳᠬᠠᠨ ᠠᠵᠤ ᠦᠢᠯᠡᠰ ᠤᠨ ᠬᠡᠯᠬᠢᠶᠡᠰᠦ ᠶᠢ ᠪᠠᠶᠢᠭᠤᠯᠵᠤ ᠤᠷᠳᠤᠳᠬᠠᠵᠤ ᠰᠢᠯᠢᠳᠡᠭᠵᠢᠬᠦᠯᠵᠦ ᠢᠷᠡᠵᠡᠢ  ᠃ ᠺᠠᠢ ᠳ᠋ᠡ ᠲᠥᠮᠥᠰᠥᠨ ᠤ ᠦᠢᠯᠡᠰ ᠤᠨ ᠬᠦᠷᠢᠶᠡᠯᠡᠩ  ᠂ ᠬᠤᠸᠠ ᠬᠤᠢ ᠭᠤᠮ ᠤᠨ ᠦᠢᠯᠡᠳᠪᠦᠷᠢ᠂ ᠸᠧᠢ ᠪᠧᠢ ᠳ᠋ᠧ ᠬᠢᠮᠡᠯ ᠠᠯᠮᠠᠰ ᠤᠨ ᠦᠢᠯᠡᠳᠪᠦᠷᠢ᠂ ᠵᠢᠩ ᠴᠧᠩ ᠰᠢᠨ᠎ᠡ ᠡᠨᠧᠷᠭᠢ ᠶᠢᠨ ᠴᠠᠬᠢᠯᠭᠠᠨ  ᠲᠡᠭᠡᠰᠦᠨ ᠤ ᠦᠢᠯᠡᠳᠪᠦᠷᠢ᠂ ᠵᠦᠩ ᠾᠧ ᠰᠢᠨ᠎ᠡ ᠮᠠᠲ᠋ᠧᠷᠢᠶᠠᠯ ᠤᠨ ᠦᠢᠯᠡᠳᠪᠦᠷᠢ ᠵᠡᠷᠭᠡ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠤᠷᠢᠨ ᠤᠷᠤᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠷᠭᠡᠢ  ᠠᠮᠵᠢᠯᠳᠠ ᠤᠯᠤᠭᠰᠠᠨ ᠪᠠᠶᠢᠨ᠎ᠠ᠃ 2023 ᠣᠨ ᠳᠤ ᠬᠤᠰᠢᠭᠤᠨ ᠤ ᠤᠳᠤᠷᠢᠳᠤᠯᠭ᠎ᠠ ᠨᠠᠷ  ᠪᠡᠭᠡᠵᠢᠩ᠂ ᠱᠠᠩᠬᠠᠶ᠂ ᠵᠧᠵᠢᠶᠠᠩ ᠵᠡᠷᠭᠡ 10 ᠭᠠᠷᠤᠶ ᠮᠤᠵᠢ ᠬᠤᠲᠠ ᠳᠤ ᠬᠦᠷᠴᠦ ᠠᠷᠠᠯᠵᠢᠶᠠᠴᠢᠨ ᠤᠷᠢᠬᠤ ᠵᠤᠯᠭᠠᠭᠤᠯᠤᠯᠳᠠ ᠶᠢᠨ ᠠᠵᠢᠯ ᠢ   20 ᠭᠠᠷᠤᠶ ᠤᠳᠠᠭ᠎ᠠ ᠥᠷᠨᠢᠭᠦᠯᠵᠦ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠠᠵᠢᠯᠯᠠᠭ᠎ᠠ ᠶᠢ 4 ᠤᠳᠠᠭ᠎ᠠ ᠡᠷᠬᠢᠯᠡᠨ᠂ 360 ᠭᠠᠷᠤᠶ ᠠᠵᠤ ᠠᠬᠤᠶᠢᠯᠠᠯ ᠪᠤᠶᠤ ᠪᠠᠶᠢᠭᠤᠯᠤᠮᠵᠢ ᠲᠠᠢ ᠠᠵᠢᠯ ᠢᠶᠠᠨ ᠵᠤᠯᠭᠠᠭᠤᠯᠵᠤ᠂ 17 ᠠᠵᠤ ᠠᠬᠤᠶᠢᠯᠠᠯ ᠢ ᠣᠷᠣᠭᠤᠯᠤᠨ ᠠᠪᠴᠢᠷᠠᠵᠤ 17 ᠲᠥᠷᠥᠯ ᠵᠦᠢᠯ ᠳᠤ ᠭᠠᠷ ᠤᠨ ᠦᠰᠦᠭ ᠵᠢᠷᠤᠭᠠᠳ᠂ ᠶᠡᠷᠦᠩᠬᠡᠢ ᠪᠡᠯᠡ ᠣᠷᠣᠭᠤᠯᠤᠯᠲᠠ ᠨᠢ 51.6 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ 16 ᠲᠥᠷᠥᠯ ᠵᠦᠢᠯ ᠨᠢ ᠪᠠᠶᠢᠭᠤᠯᠬᠤ ᠭᠠᠷ ᠭᠦᠢᠴᠡᠳᠬᠡᠯ ᠬᠢᠵᠦ᠂ 8 ᠲᠥᠷᠥᠯ ᠵᠦᠢᠯ ᠨᠢ ᠨᠢᠭᠡᠨᠲᠡ ᠠᠵᠢᠯ ᠢᠶᠠᠨ ᠡᠬᠢᠯᠡᠭᠡᠳ᠂ 11.62 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠳᠠᠳᠠᠶᠢᠵᠢᠭᠤᠯᠪᠠ᠃ 2023 ᠣᠨ ᠳᠤ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠢᠷᠢ ᠪᠦᠲᠦᠮᠵᠢ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ ᠲᠠᠶᠢᠹᠤᠰᠧ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ  ᠎ ᠨᠢ 2023 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠤᠨ ᠲᠡᠷᠢᠭᠦᠨ ᠤ ᠬᠠᠮᠲᠤ ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃       ᠲᠠᠶᠢᠹᠤᠰᠧ ᠬᠤᠰᠢᠭᠤ ᠨᠢ ᠣᠳᠣ ᠶᠢᠨ ᠪᠠᠶᠢᠭ᠎ᠠ ᠠᠵᠤ ᠦᠢᠯᠡᠰ ᠤᠨ ᠦᠨᠳᠦᠰᠦᠨ ᠳᠠᠪᠠᠭᠤᠯᠢᠭ ᠢᠶᠠᠨ ᠪᠠᠳᠤᠳᠬᠠᠬᠤ ᠪᠠ ᠥᠷᠭᠡᠳᠬᠡᠬᠦ ᠶᠢᠨ ᠲᠣᠭᠤᠷᠢᠨ ᠳᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠠᠪᠰᠤᠷᠤᠨ ᠲᠡᠳᠬᠦᠬᠦ ᠲᠠᠪᠴᠠᠩ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠲᠠᠪᠴᠠᠩ ᠵᠡᠷᠭᠡ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠎ ᠤᠨ ᠰᠢᠯᠵᠢᠯᠳᠡ ᠶᠢᠨ ᠠᠵᠠ ᠲᠣᠬᠢᠶᠠᠯ ᠢ ᠡᠵᠡᠮᠳᠡᠨ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠠᠲᠠᠬᠤ ᠬᠦᠴᠦᠨ ᠢ ᠲᠠᠰᠤᠷᠠᠯᠲᠠ ᠦᠭᠡᠢ ᠨᠡᠮᠡᠭᠳᠡᠬᠦᠯᠵᠡᠢ᠃  ᠣᠷᠴᠢᠮ ᠤᠨ ᠵᠢᠯ ᠳᠤ ᠲᠤᠰ ᠬᠤᠰᠢᠭᠤ ᠨᠢ ᠬᠠᠪᠰᠤᠷᠤᠨ ᠲᠡᠳᠭᠦᠬᠦ ᠨᠢᠭᠡᠴᠡ ᠪᠣᠯᠤᠨ ᠭᠠᠵᠠᠷ ᠤᠷᠣᠠ ᠤ ᠵᠣᠬᠢᠶᠠᠨ ᠪᠠᠢᠭᠤᠯᠤᠯᠲᠠ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠵᠣ ᠦᠯᠠᠰ ᠤᠨ ᠳᠠᠪᠠᠭᠤᠯᠢᠭ ᠲᠤ ᠲᠦᠰᠢᠭᠯᠡᠨ᠂ ︽ᠭᠠᠳᠠᠭᠰᠢ ᠭᠠᠷᠬᠤ᠂ ᠤᠷᠢᠵᠤ ᠤᠷᠤᠭᠤᠯᠬᠤ︾᠎ ᠶᠢ ᠪᠠᠷᠢᠮᠳᠠᠯᠠᠵᠤ᠂ ᠤᠯᠠᠠ ᠳᠡᠰ ᠳᠠᠪᠬᠤᠷᠭ᠎ᠠ ᠶᠢᠨ  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠤᠯᠭᠠᠭᠤᠯᠤᠯᠳᠠ ᠶᠢᠨ ᠠᠵᠢᠯᠯᠠᠭ᠎ᠠ ᠶᠢ 110 ᠭᠠᠷᠤᠢ ᠤᠳᠠᠭ᠎ᠠ ᠵᠣᠬᠢᠶᠠᠨ ᠪᠠᠶᠢᠭᠤᠯᠵᠤ ᠦᠷᠨᠢᠬᠦᠯᠦᠭᠰᠡᠨ ᠪᠦᠭᠡᠳ ᠪᠡᠭᠡᠵᠢᠩ᠂ ᠲᠢᠶᠠᠨᠵᠢᠨ᠂ ᠾᠧᠪᠧᠢ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠬᠤ ᠲᠣᠮᠣ ᠬᠡᠯᠪᠡᠷᠢ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ 10 ᠭᠠᠷᠤᠢ ᠤᠳᠠᠭ᠎ᠠ ᠡᠷᠬᠢᠯᠡᠵᠦ᠂ 300 ᠭᠠᠷᠤᠢ ᠠᠵᠤ ᠠᠵᠤ ᠠᠬᠤᠶᠢᠯᠠᠯ ᠎ ᠲᠠᠢ ᠬᠠᠷᠢᠴᠠᠭ᠎ᠠ ᠪᠠᠶᠢᠭᠤᠯᠤᠨ᠂ 28 ᠬᠤᠪᠢ ᠬᠠᠮᠲᠤᠷᠠᠯᠴᠠᠭᠠᠨ ᠤ  ᠭᠡᠷ᠎ᠡ ᠶᠢ ᠲᠤᠭᠳᠠᠵᠤ᠂ 22 ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠲᠤᠰ ᠬᠤᠰᠢᠭᠤ ᠨᠢ ᠰᠢᠨ᠎ᠡ ᠶᠢ ᠡᠭᠦᠳᠬᠦ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠥᠯᠥᠪᠯᠡᠭᠡ ᠶᠢ ᠬᠦᠴᠦᠯᠡᠨ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠤᠮᠤ ᠠᠵᠤ ᠠᠬᠤᠶᠢᠯᠠᠯ᠂ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠬᠤ ᠪᠠᠨ ᠲᠦᠷᠭᠡᠳᠭᠡᠵᠡᠢ᠃  ᠤᠳᠤ ᠪᠣᠯᠲᠠᠯ᠎ᠠ᠂ ᠪᠥᠬᠦ ᠬᠤᠰᠢᠭᠤᠨ ᠳᠤ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 7᠎ ᠶᠢ ᠪᠤᠶᠢᠵᠢᠭᠤᠯᠵᠤ᠂ ᠬᠡᠲᠦ ᠬᠠᠲᠠᠭᠤ ᠮᠠᠲ᠋ᠧᠷᠢᠶᠠᠯ᠂ ᠲᠠᠷᠢᠶᠠᠯᠠᠩ ᠮᠠᠯ ᠠᠵᠤ ᠠᠬᠤᠶ ᠶᠢᠨ ᠲᠤᠰᠠᠯᠠᠬᠤ ᠠᠵᠤ ᠦᠢᠯᠡᠰ ᠤᠨ ᠬᠡᠯᠬᠢᠶ᠎ᠡ ᠵᠡᠷᠭᠡ ᠣᠯᠠᠨ ᠠᠵᠤ ᠦᠢᠯᠡᠰ ᠤᠨ ᠬᠡᠯᠬᠢᠶ᠎ᠡ ᠶᠢ ᠬᠠᠮᠤᠷᠪᠠ᠃ ᠡᠭᠦᠨ ᠳᠤ᠂ ᠲᠠᠩ ᠾᠧ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠪᠥᠬᠦ ᠣᠷᠣᠨ ᠳᠠᠬᠢ ᠠᠵᠢᠯ ᠲᠥᠷᠥᠯ ᠤᠨ ᠳᠠᠭᠠᠭᠤᠯᠤᠭᠴᠢ ᠶᠢᠨ ᠪᠠᠶᠢᠷᠢ ᠰᠠᠭᠤᠷᠢ ᠪᠠ  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠲᠤ ᠲᠦᠰᠢᠭᠯᠡᠨ᠂ ᠤᠷᠢᠳ ᠬᠤᠵᠢᠳ ᠬᠡᠲᠦ ᠬᠠᠲᠠᠭᠤ ᠮᠠᠲ᠋ᠧᠷᠢᠶᠠᠯ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ 4᠎ ᠶᠢ ᠤᠷᠢᠵᠤ ᠤᠷᠤᠭᠤᠯᠤᠭᠠᠳ᠂ ᠪᠥᠬᠦ ᠬᠤᠰᠢᠭᠤᠨ ᠤ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠲᠦᠷᠭᠡᠨ ᠲᠡᠬᠦᠯᠳᠡᠷᠵᠢᠵᠦ᠂ ︽ᠠᠯᠮᠠᠰ ᠴᠢᠯᠠᠭᠤᠨ ᠤ ᠵᠢᠵᠢᠭ ᠪᠠᠯᠭᠠᠰᠤ︾᠎ ᠶᠢᠨ ᠠᠩᠬᠠᠨ ᠤ ᠳᠦᠷᠰᠦ ᠪᠠᠶᠢᠳᠠᠯ ᠪᠤᠢ ᠪᠤᠯᠤᠭᠰᠠᠨ ᠪᠠᠶᠢᠨ᠎ᠠ᠃    ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠠᠷᠪᠢᠯᠠᠬᠤ᠂ ᠴᠠᠭ ᠢ ᠭᠠᠮᠨᠠᠬᠤ᠂ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠪᠠᠷᠢᠮᠳᠠᠯᠠᠵᠤ᠂ ᠲᠠᠶᠢᠹᠤᠰᠧ ᠬᠤᠰᠢᠭᠤᠨ ᠤ ᠬᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠪᠠᠶᠢᠭᠤᠯᠤᠯᠲᠠ ᠪᠠᠷ ᠭᠠᠷᠳᠠᠴᠠ ᠪᠤᠯᠭᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ 18 ᠭᠤᠣᠯᠳᠠᠯᠭ᠎ᠠ ᠲᠠᠢ ᠰᠠᠯᠠᠭ᠎ᠠ ᠮᠥᠴᠢᠷ ᠨᠢ 745 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠣᠩᠬᠤᠪᠴᠢ ᠪᠠᠷ ᠭᠦᠢᠴᠡᠳᠬᠡᠬᠦ︾ ᠪᠤᠯᠵᠠᠢ᠃ 2023 ᠣᠨ ᠠᠴᠠ ᠨᠠᠰᠢ᠂ ︽ᠣᠷᠣᠯᠠᠨ ᠬᠦᠢᠴᠡᠳᠭᠡᠬᠦ ᠬᠠᠪᠰᠤᠷᠤᠨ ᠭᠦᠢᠴᠡᠳᠭᠡᠬᠦ︾ ᠦᠢᠯᠡᠴᠢᠯᠡᠭᠡ ᠪᠠᠷ ᠲᠠᠮᠵᠢᠭᠠᠳ 87 ᠲᠥᠷᠥᠯ ᠵᠦᠢᠯ ᠤᠨ ᠭᠠᠷ ᠭᠦᠢᠴᠡᠳᠭᠡᠯ ᠢ   ᠬᠢᠭᠰᠡᠨ ᠪᠠᠶᠢᠨ᠎ᠠ᠃  ᠪᠤᠤᠴᠠᠩ ᠤᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ ᠶᠢ ᠦᠷᠭᠦᠯᠵᠢᠯᠡᠨ ᠰᠢᠯᠢᠳᠡᠭᠵᠢᠬᠦᠯᠵᠦ᠂ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ  ᠠᠵᠤ ᠦᠢᠯᠡᠰ ᠤᠨ ᠬᠦᠷᠢᠶᠡᠯᠡᠩ ᠤᠨ ᠭᠤᠣᠯ ᠲᠣᠭᠤᠷᠢᠭ ᠲᠠᠬᠢ ᠨᠣᠭᠤᠭᠠᠷᠠᠭᠤᠯᠤᠯᠲᠠ ᠭᠤᠶᠤᠵᠢᠭᠤᠯᠤᠯᠳᠠ ᠪᠠ ᠭᠡᠷᠡᠯᠳᠦᠬᠦᠯᠭᠡ ᠶᠢ ᠢᠵᠢ ᠪᠦᠷᠢᠳᠦᠬᠦᠯᠦᠨ ᠪᠡᠶᠡᠯᠡᠭᠦᠯᠵᠦ᠂  ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠢᠵᠢ ᠪᠦᠷᠢᠳᠦᠭᠰᠡᠨ ᠪᠠᠲᠤᠯᠠᠭ᠎ᠠ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠤᠭᠠᠳ᠂ ᠤᠰᠤ ᠴᠠᠬᠢᠯᠭᠠᠨ ᠲᠤᠯᠠᠭᠠᠯᠠᠭ᠎ᠠ ᠵᠡᠷᠭᠡ ᠰᠠᠭᠤᠷᠢ ᠲᠥᠬᠦᠭᠡᠷᠦᠮᠵᠢ ᠪᠠ ᠲᠤᠳᠠᠭᠤᠳᠠᠯ ᠢᠶᠠᠨ ᠨᠥᠬᠦᠪᠥᠷᠢᠯᠡᠬᠦ ᠲᠥᠷᠥᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠵᠦ᠂  ᠲᠠᠭᠠᠭᠠᠴᠠ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠬᠦᠯᠪᠡ᠃ ᠣᠲᠣ ᠪᠣᠯᠲᠠᠯ᠎ᠠ᠂ ᠠᠵᠤ ᠦᠢᠯᠡᠰ ᠤᠨ ᠬᠦᠷᠢᠶᠡᠯᠡᠩ ᠳᠤ 68 ᠠᠵᠤ ᠠᠬᠤᠶᠢᠯᠠᠯ  ᠨᠤᠳᠤᠭᠰᠢᠵᠤ  ᠂ ᠠᠵᠤ ᠦᠢᠯᠡᠰ ᠤᠨ ᠲᠥᠷᠥᠯ ᠢᠯᠭᠠᠯ 10 ᠪᠣᠯᠵᠣ ᠨᠡᠮᠡᠭᠳᠡᠭᠡᠳ᠂  ᠪᠦᠳᠦᠭᠡᠭᠳᠡᠬᠦᠨ ᠨᠢ 100 ᠭᠠᠷᠤᠶ ᠵᠦᠢᠯ ᠪᠤᠯᠵᠠᠢ᠃ 2023 ᠣᠨ ᠳᠤ᠂ ᠬᠦᠷᠢᠶᠡᠯᠡᠩ ᠳᠤ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠨᠡᠶᠢᠳᠡ 29.9 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠵᠦ᠂  ᠡᠨᠡ  ᠎ ᠨᠢ ᠠᠳᠠᠯᠢ ᠬᠤᠭᠤᠴᠠᠭᠠᠨ ᠤ ᠬᠢ ᠠᠴᠠ 11.3%᠎ ᠪᠠᠷ ᠨᠡᠮᠡᠭᠳᠡᠭᠰᠡᠨ ᠪᠦᠭᠡᠳ 4.47 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.0 %᠎ ᠪᠠᠷ ᠨᠡᠮᠡᠭᠳᠡᠭᠡᠳ᠂ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ 1.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.3%᠎ ᠪᠠᠷ ᠨᠡᠮᠡᠭᠳᠡᠭᠰᠡᠨ ᠪᠠᠶᠢᠨ᠎ᠠ᠃ 2023 ᠣᠨ ᠳᠤ ᠲᠠᠶᠢᠹᠤᠰᠧ ᠬᠤᠰᠢᠭᠤᠨ ᠤ ᠬᠤᠶᠠᠷ ᠶᠡᠭᠡ ᠲᠥᠷᠥᠯ ᠵᠦᠢᠯ — ᠸᠧᠢ ᠪᠧᠢ ᠳ᠋ᠧ ᠺᠤᠮᠫᠠᠨᠢ ᠶᠢᠨ ᠵᠢᠯ ᠳᠤ 390 ᠲᠦᠮᠡᠨ ᠭᠷᠠᠮ ᠬᠢᠮᠡᠯ ᠠᠯᠮᠠᠰ ᠦᠢᠯᠡᠳᠬᠦ ᠲᠦᠷᠦᠯ ᠵᠦᠢᠯ᠂ ᠵᠦᠩ ᠾᠧ ᠰᠢᠨ᠎ᠡ ᠮᠠᠲ᠋ᠧᠷᠢᠶᠠᠯ ᠤᠨ ᠺᠤᠮᠫᠠᠨᠢ ᠶᠢᠨ ᠵᠢᠯ ᠳᠤ 2.5 ᠲᠦᠮᠡᠨ ᠲᠣᠨ ᠪᠣᠬᠢᠷᠲᠤᠯ ᠦᠭᠡᠢ ᠮᠠᠲ᠋ᠧᠷᠢᠶᠠᠯ ᠦᠢᠯᠡᠳᠬᠦ ᠲᠦᠷᠦᠯ ᠵᠦᠢᠯ ᠨᠢ ᠲᠤᠰ ᠰᠠᠷ᠎ᠠ ᠳᠠᠭᠠᠨ ᠭᠡᠷ᠎ᠡ ᠲᠤᠭᠳᠠᠵᠤ ᠨᠤᠳᠤᠭᠰᠢᠬᠤ ᠪᠠ ᠭᠦᠢᠴᠡᠳᠬᠡᠯ ᠬᠢᠵᠦ ᠠᠵᠢᠯ ᠡᠬᠢᠯᠡᠬᠦ ᠶᠢ ᠪᠡᠶᠡᠯᠡᠬᠦᠯᠦᠭᠡᠳ᠂ ᠠᠶᠢᠮᠠᠭ ᠬᠤᠰᠢᠭᠤ ᠬᠤᠶᠠᠷ ᠱᠠᠲᠤᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ ᠤᠨ ᠰᠢᠨ᠎ᠡ ᠬᠤᠷᠳᠤᠴᠠ ᠶᠢ ᠡᠬᠦᠳᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号