ᠵᠠᠰᠠᠭ ᠤᠨ ᠶᠠᠪᠤᠳᠠᠯ ᠢ ᠢᠯᠡ ᠪᠤᠯᠭᠠᠬᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/28
   ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ ᠪᠣᠯ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠪᠠᠶᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠡᠷᠬᠡ ᠲᠡᠭᠰᠢ᠂ ᠳᠥᠭᠦᠮ ᠳᠥᠲᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠶᠢᠨ ᠳᠣᠯᠠᠳᠠ᠂ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠢᠳᠡᠪᠬᠢᠲᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠰᠢᠯᠢᠳᠡᠭ ᠣᠷᠴᠢᠨ ᠨᠦᠬᠦᠴᠡᠯ ᠢ ᠡᠬᠦᠳᠬᠦ ᠪᠠᠷ ᠴᠢᠷᠮᠠᠶᠢᠵᠤ ᠪᠠᠶᠢᠨ᠎ᠠ᠃    — — ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠭᠤᠷᠢᠨ ᠭᠠᠵᠠᠷ ᠢ ᠦᠷᠭᠡᠳᠭᠡᠵᠦ᠂ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠶᠠᠰᠤ ᠴᠢᠨᠠᠷ ᠢ ᠰᠠᠶᠢᠵᠢᠷᠠᠭᠤᠯᠤᠨ᠎ᠠ᠃ ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠤ  ᠰᠦᠯᠵᠢᠶ᠎ᠡ ᠶᠢ ᠵᠠᠰᠠᠭ ᠤᠨ ᠶᠠᠪᠤᠳᠠᠯ ᠢ ᠢᠯᠡ ᠪᠣᠯᠭᠠᠬᠤ ᠦᠢᠯᠡᠴᠢᠯᠡᠭᠡᠨ ᠤ ᠡᠮᠦᠨ᠎ᠡ ᠹᠷᠣᠨᠲ ᠤᠨ ᠰᠠᠭᠤᠷᠢᠨ ᠭᠠᠵᠠᠷ ᠪᠣᠯᠭᠠᠵᠤ᠂ ᠣᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠪᠠᠷ ᠤᠳᠤᠷᠢᠳᠤᠮᠵᠢ ᠪᠤᠯᠭᠠᠨ᠂  ᠢᠯᠡ ᠪᠣᠯᠭᠠᠬᠤ ᠬᠡᠪᠴᠢᠶ᠎ᠡ ᠶᠢ ᠥᠷᠭᠡᠳᠬᠡᠵᠦ᠂  ᠢᠯᠡ ᠪᠣᠯᠭᠠᠬᠤ ᠠᠵᠢᠯ ᠤᠨ ᠡᠷᠴᠢᠮ ᠢ ᠴᠢᠩᠭᠠᠷᠠᠭᠤᠯᠪᠠ᠃ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠴᠠᠭ ᠲᠤᠬᠠᠶ ᠳᠤ ᠨᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠎ ᠶᠢᠨ ᠲᠠᠶᠢᠯᠤᠮᠵᠢ ᠶᠢᠨ ᠬᠡᠯᠪᠡᠷᠢ ᠶᠢ ᠪᠠᠶᠠᠯᠢᠭᠵᠢᠭᠤᠯᠤᠨ᠂ ᠥᠰᠥᠭ ᠪᠢᠴᠢᠭ᠂ ᠬᠡᠷᠡᠯ ᠵᠢᠷᠤᠭ᠂ ᠲᠠᠭᠤᠨ ᠳᠠᠪᠲᠠᠮᠵᠢ᠂ ᠺᠠᠷᠲ᠋ᠣᠨ ᠵᠢᠷᠤᠭ ᠵᠡᠷᠭᠡ ᠬᠡᠯᠪᠡᠷᠢ ᠪᠠᠷ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠣᠭᠲᠠᠴᠠ ᠶᠢ ᠲᠡᠬᠦᠯᠳᠡᠷᠵᠢᠬᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠲᠦᠷᠢᠮᠵᠢᠬᠦᠯᠦᠭᠰᠡᠨ ᠪᠠᠶᠢᠨ᠎ᠠ᠃ 2024 ᠣᠨ ᠳᠤ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ 70 ᠵᠤᠷᠪᠤᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠨᠡᠶᠢᠳᠡᠯᠡᠵᠦ᠂ ᠡᠭᠦᠨ ᠤ ᠲᠤᠳᠤᠷ᠎ᠠ ᠲᠠᠭᠤᠨ ᠳᠠᠪᠲᠠᠮᠵᠢ ᠪᠠᠷ 14 ᠵᠤᠷᠪᠤᠰ᠂  ᠭᠡᠷᠡᠯ ᠵᠢᠷᠤᠭ ᠢᠶᠠᠷ 51 ᠵᠤᠷᠪᠤᠰ᠂ ᠺᠠᠷᠲ᠋ᠣᠨ ᠵᠢᠷᠤᠭ ᠢᠶᠠᠷ 5 ᠵᠤᠷᠪᠤᠰ ᠢ ᠨᠡᠶᠢᠳᠡᠯᠡᠵᠡᠢ᠃     — — ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂  ᠠᠷᠠᠳ ᠢᠷᠭᠡᠳ ᠪᠠ ᠠᠵᠤ ᠠᠬᠤᠶᠢᠯᠠᠯ ᠤᠨ ᠮᠡᠳᠡᠬᠦ ᠡᠷᠬᠡ ᠶᠢ ᠪᠠᠲᠤᠯᠠᠨ᠎ᠠ᠃ ᠡᠷᠡᠮᠯᠵᠡᠯ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠨᠦᠬᠦᠴᠡᠯ ᠪᠠ ᠶᠠᠪᠤᠴᠠ ᠵᠡᠷᠭᠡ ᠶᠢ ᠢᠯᠡ ᠨᠡᠶᠢᠳᠡᠯᠡᠵᠦ᠂ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠢᠯᠡ ᠪᠣᠯᠭᠠᠬᠤ ᠠᠵᠢᠯ ᠢ ᠲᠦᠷᠢᠮᠵᠢᠬᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠥᠯᠢᠶᠡᠨ ᠠᠪᠴᠤ ᠬᠦᠢᠴᠡᠳᠬᠡᠬᠦ  ᠠᠷᠭ᠎ᠠ ᠪᠠᠷ ᠬᠦᠢᠴᠡᠳᠬᠡᠬᠦᠯᠦᠭᠰᠡᠨ ᠬᠡᠷᠡᠭ ᠢ ᠪᠥᠬᠦ ᠶᠠᠪᠤᠴᠠ ᠪᠠᠷ ᠮᠥᠷᠳᠡᠨ ᠬᠦᠢᠴᠡᠳᠬᠡᠵᠤ᠂  ᠲᠤᠭᠳᠠᠭᠰᠠᠨ ᠴᠠᠭ ᠲᠤ  ᠪᠦᠳᠦᠮᠵᠢ ᠰᠠᠶᠢᠳᠠᠢ ᠬᠦᠢᠴᠡᠳᠭᠡᠬᠦ ᠶᠢ ᠪᠠᠳᠤᠯᠠᠨ᠂ ᠵᠠᠰᠠᠭ ᠤᠨ ᠣᠷᠳᠣᠨ ᠤ ᠰᠦᠯᠵᠢᠶᠡᠨ ᠲᠡᠭᠡᠷ᠎ᠡ ᠨᠡᠶᠢᠳᠡᠯᠡᠭᠰᠡᠨ ᠵᠠᠬᠢᠳᠠᠯ ᠪᠢᠴᠢᠭᠡᠰᠦ ᠤᠳ ᠲᠤ ᠴᠠᠭ ᠲᠤᠬᠠᠶ ᠳᠤᠨᠢ ᠬᠠᠷᠢᠭᠤᠯᠲᠠ ᠥᠭᠴᠦ᠂  ᠠᠷᠠᠳ ᠢᠷᠭᠡᠳ ᠪᠠ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠮᠡᠳᠡᠭᠡ ᠵᠠᠩᠭᠢ ᠶᠢ ᠯᠠᠪᠯᠠᠬᠤ᠂ ᠲᠤᠬᠠᠶᠢᠯᠠᠭᠰᠠᠨ ᠠᠵᠢᠯ ᠬᠦᠢᠴᠡᠳᠬᠡᠬᠦ ᠳᠤ ᠲᠥᠬᠦᠮ ᠦᠵᠡᠬᠦᠯᠦᠨ᠂ ᠣᠯᠠᠨ ᠨᠡᠶᠢᠲᠡ ᠶᠢᠨ ᠮᠡᠳᠡᠭᠡ ᠵᠠᠩᠭᠢ ᠬᠦᠷᠳᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂  ᠣᠯᠠᠨ ᠤ ᠡᠷᠡᠭᠡᠯᠵᠡᠭᠡ ᠶᠢ ᠲᠠᠶᠢᠯᠵᠤ᠂ ᠲᠥᠷᠥ ᠶᠢᠨ ᠪᠣᠳᠣᠯᠭ᠎ᠠ ᠶᠢᠨ ᠢᠯᠡ ᠲᠣᠳᠣ ᠬᠡᠮᠵᠢᠶ᠎ᠡ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠲᠡᠭᠡᠭᠰᠢᠯᠡᠬᠦᠯᠪᠡ᠃ 2024 ᠣᠨ ᠳᠤ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠨᠢ 7 ᠵᠤᠷᠪᠤᠰ ᠡᠷᠡᠮᠡᠯᠵᠡᠯᠡᠨ ᠭᠤᠶᠤᠴᠢᠯᠠᠭᠰᠠᠨ ᠠᠰᠠᠭᠤᠳᠠᠯ ᠢ  ᠱᠠᠭᠠᠷᠳᠠᠨ ᠰᠢᠢᠳᠪᠦᠷᠢᠯᠡᠵᠦ᠂  27 ᠵᠤᠷᠪᠤᠰ ᠵᠠᠬᠢᠳᠠᠯ ᠪᠢᠴᠢᠭᠡᠰᠦ ᠶᠢ ᠰᠦᠯᠵᠢᠶᠡᠨ ᠲᠡᠭᠡᠷ᠎ᠡ ᠢᠯᠡ ᠨᠡᠶᠢᠳᠡᠯᠡᠵᠡᠢ᠃      — — ᠬᠠᠮᠢᠶᠠᠷᠤᠯᠲᠠ ᠬᠠᠮᠠᠭᠠᠯᠠᠯᠳᠠ ᠶᠢ ᠦᠨᠡᠨ ᠬᠦ ᠴᠢᠩᠭᠠᠳᠬᠠᠵᠤ  ᠂ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠦᠯᠵᠢᠶ᠎ᠡ  ᠪᠠ ᠰᠢᠨ᠎ᠡ ᠵᠠᠭᠤᠴᠢᠯᠠᠭᠤᠷ ᠤᠨ ᠬᠢᠨᠠᠨ ᠰᠢᠨᠵᠢᠬᠦ ᠲᠣᠭᠲᠠᠴᠠ ᠶᠢ ᠲᠡᠬᠦᠯᠳᠡᠷᠵᠢᠬᠦᠯᠦᠨ᠂ ᠰᠢᠨ᠎ᠡ ᠵᠠᠭᠤᠴᠢᠯᠠᠭᠤᠷ ᠪᠠ ᠵᠠᠰᠠᠭ ᠤᠨ ᠣᠷᠳᠣᠨ ᠤ ᠰᠦᠯᠵᠢᠶᠡᠨ ᠤ ᠪᠤᠷᠤᠭᠤ ᠵᠦᠷᠢᠬᠦᠦ ᠦᠭᠡ ᠦᠬᠦᠯᠡᠪᠦᠷᠢ ᠶᠢ ᠴᠠᠭ ᠲᠣᠬᠠᠢ ᠳᠤᠨᠢ ᠵᠠᠰᠠᠨ ᠵᠠᠯᠠᠷᠠᠭᠤᠯᠵᠤ᠂  ᠮᠡᠳᠡᠭᠡ ᠵᠠᠩᠭᠢ ᠎ ᠶᠢᠨ ᠣᠨᠣᠪᠴᠢᠲᠤ ᠴᠢᠨᠠᠷ ᠪᠠ ᠴᠠᠭᠴᠢ ᠴᠢᠨᠠᠷ ᠢ ᠪᠠᠳᠤᠯᠠᠨ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠤᠯᠭᠠᠵᠤ ᠦᠭᠴᠡᠢ᠃    ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ︽ᠠᠷᠠᠳ ᠲᠦᠮᠡᠨ ᠢᠶᠠᠷ ᠭᠤᠣᠯ ᠪᠣᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠯᠪᠡᠷᠢ ᠶᠢ ᠢᠳᠡᠪᠬᠢᠲᠡᠶ ᠪᠠᠷ ᠰᠦᠪᠡᠭᠴᠢᠯᠡᠨ ᠰᠢᠨᠡᠴᠢᠯᠡᠵᠦ᠂ ᠠᠵᠢᠯ ᠤᠨ ᠬᠢᠷᠢ ᠲᠦᠪᠰᠢᠨ ᠎ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂  ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ︽ᠠᠵᠤ ᠠᠬᠤᠶᠢᠯᠠᠯ ᠰᠠᠨᠠᠭ᠎ᠠ ᠠᠮᠤᠷ᠂ ᠠᠷᠠᠳ ᠤᠯᠠᠨ ᠰᠡᠳᠬᠢᠯ ᠬᠠᠨᠤᠮᠵᠢᠳᠠᠢ᠂ ᠦᠢᠯᠡᠰ ᠴᠣᠭᠴᠠᠯᠠᠬᠤ ᠳᠤ ᠢᠯᠭᠤᠮ᠎ᠠ ᠤᠷᠤᠭᠰᠢᠲᠠᠶ︾ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠢᠨ᠎ᠡ ᠥᠨᠳᠦᠷᠯᠢᠭ ᠢ ᠪᠠᠶᠢᠭᠤᠯᠬᠤ ᠪᠠᠷ ᠴᠢᠷᠮᠠᠶᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号