ᠳ᠋ᠢᠩ ᡁᠢ ᠴᠢᠶᠠᠩ ᠲᠠᠭᠠᠭᠠᠴᠢᠯᠠᠭᠰᠠᠨ ᠲᠣᠰᠬᠤᠨ ᠳᠠᠭᠠᠨ ᠬᠦᠨᠵᠡᠬᠡᠶᠢᠷᠡᠵᠦ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/10/28
  10 ᠰᠠᠷ᠎ᠠ ᠶᠢᠨ 22 ᠤᠨ ᠡᠳᠦᠷ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠢᠩ ᡁᠢ ᠴᠢᠶᠠᠩ ᠲᠠᠭᠠᠭᠠᠴᠢᠯᠠᠭᠰᠠᠨ ᠴᠡᠭ ᠪᠤᠯᠬᠤ ᠬᠤᠩ ᠴᠢ ᠪᠠᠯᠭᠠᠰᠤᠨ ᠤ ᠭᠡᠰᠡᠭ ᠲᠣᠰᠬᠤᠨ ᠳᠤ ᠬᠦᠨᠵᠡᠬᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠪᠠ ᠵᠢᠭᠠᠨ ᠵᠢᠯᠤᠭᠤᠳᠤᠯᠭ᠎ᠠ ᠬᠢᠵᠡᠢ᠃ ᠳ᠋ᠢᠩ ᡁᠢ ᠴᠢᠶᠠᠩ ᠤᠷᠢᠳ ᠬᠤᠵᠢᠳ ᠴᠢᠩ ᠹᠧᠩ ᠲᠣᠰᠬᠤᠨ᠂ ᠴᠢᠶᠠᠨ ᠶᠦᠩ ᠲᠣᠰᠬᠤᠨ᠂ ᠱᠦᠢ ᠴᠢᠤᠸᠠᠨ ᠲᠣᠰᠬᠤᠨ  ᠂ ᠾᠧᠩ ᠷᠦᠩ ᠲᠣᠰᠬᠤᠨ ᠳᠤ ᠬᠦᠷᠴᠦ᠂ ᠡᠯ᠎ᠡ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠦᠢᠯᠡᠰ ᠤᠨ ᠬᠥᠭᠵᠢᠯᠲᠡ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠡᠷᠭᠡ ᠠᠵᠢᠯ ᠤᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠣᠶᠢᠯᠠᠭᠠᠪᠠ᠃ ᠳ᠋ᠢᠩ ᡁᠢ ᠴᠢᠶᠠᠩ ᠴᠢᠬᠤᠯᠠᠴᠢᠯᠠᠬᠤ ᠳᠠᠭᠠᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂  ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠱᠠᠭᠠᠷᠳᠠᠯᠭ᠎ᠠ ᠶᠣᠰᠣᠭᠠᠷ ᠬᠠᠪᠰᠤᠷᠤᠨ ᠲᠡᠳᠬᠦᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠬᠡᠷ ᠬᠦᠷᠢᠶᠡᠨ ᠤ ᠴᠡᠪᠡᠷᠯᠡᠭᠡ ᠪᠠ ᠲᠥᠷᠥ ᠶᠢᠨ ᠪᠣᠳᠣᠯᠭ᠎ᠠ ᠶᠢ ᠲᠤᠳᠤᠷᠬᠠᠢ ᠮᠡᠳᠡᠬᠦᠯᠬᠦ ᠵᠡᠷᠭᠡ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠤᠨᠤᠪᠴᠢᠳᠠᠢ ᠪᠠᠶᠢᠬᠤ ᠶᠢ ᠪᠠᠳᠤᠯᠠᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠠᠶᠢᠮᠠᠭ ᠬᠤᠲᠠ ᠶᠢᠨ ᠬᠤᠭᠤᠷᠣᠨᠳᠣᠬᠢ ᠰᠣᠯᠪᠢᠴᠠᠨ ᠪᠠᠶᠢᠴᠠᠭᠠᠬᠤ ᠶᠢ ᠤᠭᠲᠤᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠰᠢᠯᠭᠠᠨ ᠪᠠᠶᠢᠴᠠᠭᠠᠬᠤ ᠭᠦᠢᠴᠡᠳᠬᠡᠯ ᠲᠤᠭ᠎ᠠ ᠲᠠᠢ ᠬᠠᠷᠢᠴᠠᠭᠤᠯᠤᠨ᠂ ᠭᠤᠤᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠲᠠᠩᠰᠠ ᠡᠪᠬᠡᠮᠡᠯ ᠢ ᠲᠡᠭᠦᠯᠳᠡᠷᠵᠢᠭᠦᠯᠦᠨ᠂ ᠠᠵᠢᠯ ᠢᠶᠠᠨ ᠭᠦᠨᠵᠡᠭᠡᠶ  ᠨᠠᠷᠢᠯᠢᠭ   ᠪᠣᠳᠠᠲᠠᠶ ᠬᠢᠵᠦ᠂  ᠡᠨᠡ ᠤᠳᠠᠭᠠᠨ ᠤ ᠰᠢᠯᠭᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠠᠷᠠᠯᠲᠠ ᠵᠤᠷᠢᠯᠳᠠ ᠲᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠦᠨ᠂ ᠲᠠᠷᠢᠶᠠᠴᠢᠳ ᠢ ᠲᠠᠶᠢᠴᠢᠯᠠᠨ ᠠᠰᠢᠭ ᠣᠷᠣᠯᠭ᠎ᠠ ᠢ ᠨᠢ ᠨᠡᠮᠡᠭᠳᠡᠬᠦᠯᠵᠦ᠂ ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠶᠢᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号