ᠲᠠᠶᠢᠹᠤᠰᠧ ᠬᠤᠰᠢᠭᠤᠨ ᠤ ᠬᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/10/29
  ᠣᠶᠢᠷ᠎ᠠ ᠳᠤ᠂ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠ ᠠᠷᠠᠳ ᠤᠨ ᠬᠢᠨᠠᠯᠲᠠ ᠲᠠᠯᠪᠢᠭᠴᠢ ᠨᠠᠷ ᠲᠠᠢ ᠬᠠᠮᠲᠤᠷᠠᠨ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠶᠦᠩ ᠹᠧᠩ ᠬᠠᠤᠯᠢ ᠴᠠᠭᠠᠵᠠ ᠶᠢᠨ ᠰᠠᠯᠪᠤᠷᠢ᠂ ᠯᠦᠸᠧ ᠲᠦᠸᠧ ᠱᠠᠨ ᠬᠠᠤᠯᠢ ᠴᠠᠭᠠᠵᠠ ᠶᠢᠨ ᠰᠠᠯᠪᠤᠷᠢ᠂ ᠴᠢᠶᠠᠨ ᠶᠢᠨ ᠭᠧᠦ ᠬᠠᠤᠯᠢ ᠴᠠᠭᠠᠵᠠ ᠶᠢᠨ ᠰᠠᠯᠪᠤᠷᠢ ᠳᠤ ᠭᠦᠨᠵᠡᠭᠡᠶᠢᠷᠡᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠥᠷᠨᠢᠭᠦᠯᠪᠡ᠃ ᠲᠤᠰᠬᠠᠶ ᠠᠵᠢᠯ ᠤᠨ ᠳᠤᠭᠤᠶᠢᠯᠠᠩ ᠠᠴᠠ ᠡᠯ᠎ᠡ ᠬᠠᠤᠯᠢ ᠴᠠᠭᠠᠵᠠ ᠶᠢᠨ ᠰᠠᠯᠪᠤᠷᠢ ᠶᠢᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠤᠨ ᠬᠠᠮᠢᠶ᠎ᠠ ᠪᠥᠬᠦᠶ ᠲᠠᠩᠰᠠ ᠡᠪᠬᠡᠮᠡᠯ ᠢ ᠪᠠᠶᠢᠴᠠᠭᠠᠨ  ᠦᠵᠡᠭᠰᠡᠨ ᠪᠦᠭᠡᠳ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠲᠠᠢ ᠨᠢᠭᠤᠷᠳᠠᠨ ᠶᠠᠷᠢᠯᠴᠠᠵᠤ᠂  ᠰᠠᠭᠤᠭᠠᠯᠢ ᠠᠷᠠᠳ ᠤᠨ ᠭᠡᠷ ᠡᠷᠦᠬᠡ ᠪᠠᠷ ᠶᠠᠪᠤᠵᠤ ᠰᠤᠷᠪᠤᠯᠵᠢᠯᠠᠨ᠂  ᠰᠤᠮᠤ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ  ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠵᠠᠢ᠃ ᠲᠤᠰ ᠬᠤᠰᠢᠭᠤᠨ ᠤ ᠬᠢᠨ ᠡᠶᠢᠨᠬᠦ ᠬᠠᠤᠯᠢ ᠬᠡᠷᠡᠭᠵᠢᠭᠦᠯᠦᠯᠲᠡ ᠳᠤ ᠴᠢᠩᠭ᠎ᠠ ᠬᠢᠨᠠᠯᠲᠠ ᠲᠠᠯᠪᠢᠬᠤ ᠪᠠᠷ ᠲᠠᠮᠵᠢᠭᠠᠳ᠂ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠨᠠᠩ ᠲᠦᠷᠢᠮᠵᠢᠬᠦᠨ ᠨᠠᠩ ᠲᠢᠭᠯᠡᠮ ᠲᠠᠢ ᠪᠣᠯᠭᠠᠵᠤ᠂ ᠬᠠᠤᠯᠢ ᠲᠦᠷᠢᠮ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号