ᠴᠠᠭᠠᠨ ᠰᠠᠷ᠎ᠠ ᠶᠢᠨ ᠬᠤᠭᠤᠴᠠᠭᠠᠨ ᠤ ᠫᠤᠤᠵᠢᠩ ᠬᠤᠳᠠᠯᠳᠤᠬᠤ ᠭᠠᠵᠠᠷ ᠢ ᠲᠤᠬᠢᠷᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/10/29
  ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠢ ᠰᠢᠯᠢᠳᠡᠭᠵᠢᠬᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂  ᠫᠤᠤᠵᠢᠩ ᠬᠤᠳᠠᠯᠳᠤᠬᠤ ᠡᠵᠡᠩᠨᠡᠯᠲᠡ ᠶᠢᠨ ᠠᠵᠢᠯᠯᠠᠭ᠎ᠠ ᠶᠢ ᠴᠢᠩᠭᠠᠳᠬᠠᠨ ᠲᠦᠷᠢᠮᠵᠢᠬᠦᠯᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾᠂ ︽ ᠫᠤᠤᠵᠢᠩ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠲᠤᠬᠠᠢ ᠬᠡᠷᠡᠭᠵᠢᠭᠦᠯᠬᠦ ᠠᠷᠭ᠎ᠠ︾᠂ ︽ᠫᠤᠤᠵᠢᠩ ᠵᠢᠵᠢᠭᠯᠡᠨ ᠭᠠᠵᠠᠷ ᠤᠨ ᠠᠮᠤᠷ ᠲᠦᠪᠰᠢᠨ ᠤ ᠮᠡᠷᠭᠡᠵᠢᠯ ᠤᠨ ᠲᠦᠷᠢᠮᠵᠢᠯ︾  ︵AQ 4128-2019︶ ᠵᠡᠷᠭᠡ  ᠬᠠᠤᠯᠢ ᠲᠦᠷᠢᠮ ᠢ  ᠦᠨᠳᠦᠰᠦᠯᠡᠵᠦ ︽ᠠᠮᠤᠷ ᠢ ᠪᠠᠲᠤᠯᠠᠬᠤ᠂ ᠨᠢᠭᠡᠳᠦᠯᠲᠡᠶ ᠲᠥᠯᠥᠪᠵᠢᠭᠦᠯᠬᠦ᠂ ᠵᠣᠬᠢᠰᠲᠠᠶ ᠪᠠᠶᠢᠷᠢᠯᠠᠭᠤᠯᠬᠤ᠂ ᠬᠡᠮᠵᠢᠶ᠎ᠡ ᠶᠢ ᠡᠵᠡᠮᠳᠡᠬᠦ︾ ᠵᠠᠷᠴᠢᠮ ᠶᠣᠰᠣᠭᠠᠷ᠂ ᠡᠳᠦᠭᠡ ᠮᠠᠨ ᠤ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ ᠤ ᠫᠤᠤᠵᠢᠩ ᠬᠤᠳᠠᠯᠳᠤᠬᠤ ᠭᠠᠵᠠᠷ ᠢ ᠲᠤᠬᠢᠷᠠᠭᠤᠯᠬᠤ ᠲᠤᠬᠠᠢ ᠲᠤᠤᠷ᠎ᠠ ᠮᠡᠳᠦ ᠵᠠᠷᠯᠠᠨ ᠮᠡᠳᠡᠭᠳᠡᠵᠦ ᠪᠠᠶᠢᠨ᠎ᠠ᠄    ᠨᠢᠭᠡ᠂ ᠪᠤᠤᠴᠠᠩ ᠪᠠᠯᠭᠠᠰᠤᠨ ᠤ ︽207 ᠤᠯᠤᠰ ᠤᠨ ᠵᠠᠮ︾᠎ ᠤᠨ ᠬᠤᠶᠠᠷ ᠬᠠᠵᠠᠭᠤ ᠪᠠ ᠵᠢᠶᠧ ᠹᠠᠩ ᠵᠡᠭᠡᠯᠢ ︵ᠤᠤᠯ ᠤᠨ ᠲᠠᠯ᠎ᠠ ᠨᠤᠳᠤᠭ ᠠᠷᠢᠬᠢᠨ ᠦᠢᠯᠡᠳᠪᠦᠷᠢ ᠶᠢᠨ ᠶᠡᠭᠡ ᠬᠥᠭᠦᠷᠭᠡ ᠠᠴᠠ ᠤᠤ ᠱᠧᠩ ᠳ᠋ᠠ ᠶᠢᠨ ᠪᠠᠷᠠᠭᠤᠨᠳᠠᠬᠢ ᠬᠠᠭᠤᠴᠢᠨ ᠵᠣᠴᠢᠳ ᠤᠨ ᠪᠠᠭᠤᠳᠠᠯ  ᠬᠦᠷᠬᠦ︶᠎ ᠳᠤ ᠫᠤᠤᠵᠢᠩ ᠤᠨ ᠲᠡᠯᠬᠡᠬᠦᠷ ᠭᠠᠷᠭᠠᠵᠤ ᠪᠤᠯᠬᠤ ᠦᠭᠡᠢ᠃    ᠬᠤᠶᠠᠷ᠂ ᠫᠤᠤᠵᠢᠩ ᠬᠤᠳᠠᠯᠳᠤᠬᠤ ᠭᠠᠵᠠᠷ ᠤᠨ ᠲᠠᠯᠠᠪᠠᠢ ᠨᠢ 10 ᠬᠠᠪᠳᠠᠭᠠᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠤᠯᠬᠤ ᠦᠬᠡᠢ  ᠪᠦᠭᠡᠳ200 ᠬᠠᠪᠳᠠᠭᠠᠢ ᠳᠥᠷᠪᠡᠯᠵᠢᠨ ᠮᠧᠲᠷ ᠠᠴᠠ ᠭᠡᠳᠦᠷᠡᠵᠦ ᠪᠣᠯᠬᠤ ᠦᠭᠡᠢ᠃   ᠫᠤᠤᠵᠢᠩ ᠤᠨ ᠲᠡᠯᠬᠡᠬᠦᠷ ᠤᠨ ᠡᠷᠭᠢᠨ ᠲᠣᠭᠤᠷᠢᠨ ᠳᠠᠬᠢ 50 ᠮᠧᠲᠷ ᠤᠨ ᠬᠡᠪᠴᠢᠶᠡᠨ ᠳᠣᠲᠣᠷ᠎ᠠ ᠪᠤᠰᠤᠳ ᠫᠤᠤᠵᠢᠩ ᠤᠨ ᠲᠡᠯᠬᠡᠬᠦᠷ ᠪᠠᠶᠢᠵᠤ ᠪᠤᠯᠬᠤ ᠦᠭᠡᠶ ᠪᠦᠭᠡᠳ ᠰᠤᠷᠭᠠᠭᠤᠯᠢ ᠴᠡᠴᠡᠷᠯᠢᠭ᠂ ᠡᠮᠨᠡᠯᠭᠡ ᠶᠢᠨ ᠬᠤᠷᠢᠶ᠎ᠠ᠂  ᠵᠠᠬ᠎ᠠ ᠳᠡᠯᠭᠡᠭᠦᠷ ᠵᠡᠷᠭᠡ ᠬᠥᠮᠦᠨ ᠤᠯᠠᠨᠳᠠᠢ ᠭᠠᠵᠠᠷ ᠪᠠ ᠲᠣᠰᠣ ᠨᠡᠮᠡᠬᠦ ᠥᠷᠲᠡᠭᠡ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠦᠢᠯᠡᠳᠪᠦᠷᠢᠯᠡᠵᠦ ᠬᠠᠳᠠᠭᠠᠯᠠᠬᠤ ᠭᠤᠤᠯᠳᠠᠯᠭ᠎ᠠ ᠲᠠᠢ ᠭᠠᠵᠠᠷ ᠠᠴᠠ ᠠᠳᠠᠭ ᠲᠠᠭᠠᠨ 100 ᠮᠧᠲᠷ ᠤᠨ ᠵᠠᠶᠢᠳᠠᠢ ᠪᠠᠶᠢᠯᠭᠠᠨ᠎ᠠ᠃     ᠭᠤᠷᠪᠠ᠂ ᠫᠤᠤᠵᠢᠩ ᠤᠨ ᠲᠡᠯᠬᠡᠬᠦᠷ ᠭᠠᠷᠭᠠᠬᠤ ᠳᠤ ᠡᠷᠭᠡᠪᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠡᠷᠡᠮᠡᠯᠵᠡᠯᠡᠨ ᠮᠡᠳᠡᠬᠦᠯᠦᠨ᠎ᠡ᠂  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠦᠷᠢᠳᠭᠡᠨ ᠬᠤᠷᠢᠶᠠᠩᠭᠤᠶᠢᠯᠠᠭᠰᠠᠨ ᠤ ᠳᠠᠷᠠᠭ᠎ᠠ ᠨᠢᠭᠡᠳᠦᠯᠲᠡᠶ ᠴᠠᠭ ᠭᠠᠷᠭᠠᠵᠤ ᠠᠬᠤᠢ ᠲᠠᠯᠠᠪᠠᠢ ᠶᠢᠨ ᠪᠠᠶᠢᠴᠠᠭᠠᠯᠳᠠ ᠬᠢᠨ᠎ᠡ᠃  ᠡᠷᠡᠮᠡᠯᠵᠡᠯᠡᠭᠴᠢ ᠨᠢ ᠡᠵᠡᠩᠨᠡᠯᠲᠡ ᠶᠢᠨ ᠲᠠᠯᠠᠪᠤᠷ ᠢᠶᠠᠨ ᠤᠷᠢᠳᠴᠢᠯᠠᠨ ᠲᠦᠷᠢᠶᠡᠰᠦᠯᠡᠵᠦ ᠪᠣᠯᠬᠤ ᠥᠬᠡᠶ᠂ ᠨᠥᠬᠦᠴᠡᠯ ᠳᠤ ᠨᠡᠶᠢᠴᠡᠬᠦ ᠡᠰᠡᠬᠦ ᠶᠢ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ ᠸᠢᠴᠠᠲ ᠤᠨ ᠬᠤᠯᠪᠤᠭ᠎ᠠ ᠪᠠᠶᠢᠭᠤᠯᠵᠤ ᠠᠶᠢᠮᠠᠭ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠶᠢ ᠬᠤᠯᠪᠤᠭᠠᠨ ᠳᠤ ᠨᠡᠶᠢᠳᠡᠯᠡᠨ᠎ᠡ᠂  ᠡᠷᠡᠮᠡᠯᠵᠡᠯᠡᠭᠴᠢ ᠨᠢ ᠥᠪᠡᠰᠦᠪᠡᠨ ᠪᠣᠯᠪᠠᠰᠤᠷᠠᠯ ᠤᠨ ᠪᠠᠶᠢᠭᠤᠯᠤᠮᠵᠢ ᠲᠠᠢ ᠬᠠᠷᠢᠯᠴᠠᠵᠤ᠂ ᠬᠠᠮᠢᠶ᠎ᠠ ᠪᠦᠬᠦᠢ ᠪᠣᠯᠪᠠᠰᠤᠷᠠᠯ ᠳᠤ ᠨᠡᠷ᠎ᠡ ᠮᠡᠳᠡᠬᠦᠯᠦᠨ ᠤᠷᠤᠯᠴᠠᠭᠠᠳ ︽ᠬᠢᠷᠢ ᠲᠡᠩᠴᠡᠭᠰᠡᠨ ᠦᠨᠡᠮᠯᠡᠯ ︾ ᠭᠠᠷᠳᠠᠨ᠎ᠠ᠃ ᠡᠭᠦᠨ ᠠᠴᠠ ᠭᠠᠳᠠᠨ᠎ᠠ ᠨᠢᠭᠡᠨᠲᠡ  ᠬᠢᠷᠢ ᠲᠡᠩᠴᠡᠭᠰᠡᠨ ᠦᠨᠡᠮᠯᠡᠯ ᠣᠯᠣᠭᠰᠠᠨ ᠪᠤᠯᠪᠠᠴᠤ ᠳᠠᠬᠢᠨ ᠪᠤᠯᠪᠠᠰᠤᠷᠠᠯ ᠳᠤ ᠲᠠᠬᠢᠨ ᠤᠷᠤᠯᠴᠠᠬᠤ ᠴᠢᠬᠤᠯᠠᠳᠠᠢ ᠬᠦᠮᠦᠰ ᠪᠤᠯᠪᠠᠰᠤᠷᠠᠯ ᠳᠤ ᠴᠠᠭ ᠲᠠᠭᠠᠨ ᠣᠷᠣᠯᠴᠠᠵᠤ᠂  ᠡᠷᠡᠮᠡᠯᠵᠡᠯᠡᠨ ᠮᠡᠳᠡᠭᠦᠯᠬᠦ ᠦᠶᠡᠰ ᠪᠣᠯᠪᠠᠰᠤᠷᠠᠯ ᠳᠤ ᠤᠷᠤᠯᠴᠠᠭᠰᠠᠨ ᠬᠠᠮᠢᠶ᠎ᠠ ᠪᠦᠬᠦᠢ ᠭᠡᠷᠡᠴᠢ ᠲᠡᠮᠳᠡᠭ ᠢᠶᠠᠨ ᠲᠤᠰᠢᠶᠠᠨ᠎ᠠ᠃    ᠳᠥᠷᠪᠡ᠂ ᠬᠤᠪᠢ ᠬᠥᠮᠦᠨ ᠤ ᠰᠢᠯᠲᠠᠭᠠᠨ᠂ ᠲᠥᠷᠥ ᠶᠢᠨ ᠪᠣᠳᠣᠯᠭ᠎ᠠ ᠶᠢᠨ ᠰᠢᠯᠲᠠᠭᠠᠨ ᠵᠡᠷᠭᠡ ᠠᠴᠠ ᠪᠣᠯᠵᠤ ᠪᠣᠯᠪᠠᠰᠤᠷᠠᠯ ᠰᠢᠯᠭᠠᠯᠲᠠ ᠳᠤ ᠤᠷᠤᠯᠴᠠᠵᠤ ᠳᠡᠶᠢᠯᠦᠭᠰᠡᠨ ᠦᠭᠡᠶ ᠪᠤᠶᠤ  ᠫᠤᠤᠵᠢᠩ ᠬᠤᠳᠠᠯᠳᠤᠬᠤ ᠭᠠᠵᠠᠷ ᠨᠢ ᠱᠠᠭᠠᠷᠳᠠᠯᠭ᠎ᠠ ᠳᠤ ᠨᠡᠶᠢᠴᠡᠬᠦ ᠦᠭᠡᠶ᠂ ᠡᠵᠡᠩᠨᠡᠯᠲᠡ ᠶᠢᠨ ᠵᠥᠪᠰᠢᠶᠡᠷᠡᠯ ᠣᠯᠵᠤ ᠲᠡᠶᠢᠯᠬᠦ ᠦᠭᠡᠶ ᠠᠴᠠ ᠪᠣᠯᠵᠤ ᠬᠤᠬᠢᠷᠠᠯ ᠭᠠᠷᠤᠭᠰᠠᠨ ᠪᠣᠯ ᠡᠵᠡᠩᠨᠡᠭᠴᠢ ᠥᠪᠡᠰᠦᠪᠡᠨ ᠡᠭᠦᠷᠭᠡᠯᠡᠨ᠎ᠡ᠃    ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶᠠᠨ ᠤ ᠬᠠᠷᠢᠯᠴᠠᠬᠤ ᠤᠲᠠᠰᠤ᠄ 0479-5233106     15641680140                                 ᠲᠠᠶᠢᠪᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ                      2024 ᠣᠨ ᠤ 10 ᠰᠠᠷ᠎ᠠ ᠶᠢᠨ 23᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号