ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/29
  10 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠶᠧ ᠶᠢᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠴᠦᠨ ᠭᠤᠸᠠᠩ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠪᠠ ᠠᠵᠢᠯ ᠡᠭᠦᠷᠭᠡ ᠬᠤᠪᠢᠶᠠᠷᠢᠯᠠᠭᠰᠠᠨ ᠲᠣᠭᠲᠠᠭᠠᠯ ᠢ ᠨᠡᠶᠢᠳᠡᠯᠡᠵᠡᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠤᠶᠢᠯᠠᠭᠠᠨ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠤᠬᠠᠮᠰᠠᠷ ᠠᠴᠠ ᠪᠠᠨ ᠦᠢᠯᠡᠴᠢᠯᠡᠬᠦ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢ ᠠᠩᠬᠠᠷᠴᠤ᠂ ᠤᠯᠠᠨ ᠲᠦᠮᠡᠨ ᠤ  ᠰᠠᠨᠠᠯ ᠲᠤᠰᠬᠠᠯ ᠶᠡᠭᠡ ᠪᠠᠶᠢᠭ᠎ᠠ ᠲᠤᠪᠤᠶᠢᠮ᠎ᠠ ᠠᠰᠠᠭᠤᠳᠠᠯ ᠳᠤ ᠬᠢᠨᠠᠯᠲᠠ ᠲᠠᠯᠪᠢᠬᠤ ᠶᠢ ᠠᠩᠬᠠᠷᠴᠤ᠂ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠳᠤ ᠴᠢᠩᠭ᠎ᠠ ᠬᠢᠨᠠᠯᠲᠠ ᠬᠠᠮᠢᠶᠠᠷᠤᠯᠳᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠨᠥᠬᠦᠷ ᠤᠨ ᠪᠦᠬᠦ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠮᠳᠠᠬᠢ ᠰᠢᠯᠢᠳᠡᠭ ᠺᠠᠳ᠋ᠷ ᠠᠵᠢᠯᠳᠠᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠪᠡ᠃ ᠲᠣᠰ ᠡᠭᠡᠯᠵᠢ ᠶᠢᠨ ᠲᠤᠭᠤᠷᠢᠨ ᠪᠠᠶᠢᠴᠠᠭᠠᠯᠳᠠ ᠳᠤ 4 ᠳᠤᠭᠤᠶᠢᠯᠠᠩ ᠲᠣᠮᠢᠯᠠᠵᠤ᠂  ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠨᠢᠭᠤᠴᠠ ᠶᠢ ᠬᠠᠮᠠᠭᠠᠯᠠᠬᠤ ᠪᠠ ᠨᠢᠭᠤᠴᠠ ᠴᠢᠬᠤᠯᠠ ᠮᠠᠲ᠋ᠧᠷᠢᠶᠠᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠰᠣᠶᠣᠯ ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠡᠷᠭᠡ 11 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠭᠡᠪ  ᠤᠨ ᠲᠤᠭᠤᠷᠢᠨ ᠪᠠᠶᠢᠴᠠᠭᠠᠯᠲᠠ ᠬᠢᠬᠦ ᠪᠠᠷ ᠲᠤᠭᠳᠠᠵᠠᠢ᠃ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠳ᠂ ᠶᠢᠰᠦᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠪᠥᠬᠦ ᠺᠠᠳ᠋ᠷ ᠠᠵᠢᠯᠳᠠᠨ᠂  ᠪᠠᠶᠢᠴᠠᠭᠠᠭᠳᠠᠬᠤ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂  ᠲᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠭᠠᠨ ᠤ ᠨᠢᠭᠡᠴᠡ ᠤᠳ ᠤᠨ ᠬᠠᠷᠢᠭᠤᠴᠠᠯᠭᠠᠲᠠᠨ᠂  ᠲᠤᠭᠤᠷᠢᠨ ᠪᠠᠶᠢᠴᠠᠭᠠᠬᠤ ᠠᠯᠪᠠᠨ ᠬᠡᠷ ᠤᠨ ᠪᠥᠬᠦ ᠺᠠᠳ᠋ᠷ ᠠᠵᠢᠯᠳᠠᠨ᠂ ᠱᠠᠩᠨᠠᠯ ᠬᠥᠬᠢᠭᠦᠯᠦᠯ ᠭᠥᠷᠳᠡᠭᠰᠡᠨ ᠰᠢᠯᠢᠳᠡᠭ ᠺᠠᠳ᠋ᠷ ᠠᠵᠢᠯᠳᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号