ᠴᠠᠭᠠᠨ ᠰᠠᠷ᠎ᠠ ᠶᠢᠨ ᠬᠤᠭᠤᠴᠠᠭᠠᠨ ᠤ ᠫᠤᠤᠵᠢᠩ ᠬᠤᠳᠠᠯᠳᠤᠬᠤ ᠭᠠᠵᠠᠷ ᠢ ᠲᠤᠬᠢᠷᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/10/29
  ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠢ ᠰᠢᠯᠢᠳᠡᠭᠵᠢᠬᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂  ᠫᠤᠤᠵᠢᠩ ᠬᠤᠳᠠᠯᠳᠤᠬᠤ ᠡᠵᠡᠩᠨᠡᠯᠲᠡ ᠶᠢᠨ ᠠᠵᠢᠯᠯᠠᠭ᠎ᠠ ᠶᠢ ᠴᠢᠩᠭᠠᠳᠬᠠᠨ ᠲᠦᠷᠢᠮᠵᠢᠬᠦᠯᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾᠂ ︽ ᠫᠤᠤᠵᠢᠩ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠲᠤᠬᠠᠢ ᠬᠡᠷᠡᠭᠵᠢᠭᠦᠯᠬᠦ ᠠᠷᠭ᠎ᠠ︾᠂ ︽ᠫᠤᠤᠵᠢᠩ ᠵᠢᠵᠢᠭᠯᠡᠨ ᠭᠠᠵᠠᠷ ᠤᠨ ᠠᠮᠤᠷ ᠲᠦᠪᠰᠢᠨ ᠤ ᠮᠡᠷᠭᠡᠵᠢᠯ ᠤᠨ ᠲᠦᠷᠢᠮᠵᠢᠯ︾  ︵AQ 4128-2019︶ ᠵᠡᠷᠭᠡ  ᠬᠠᠤᠯᠢ ᠲᠦᠷᠢᠮ ᠢ  ᠦᠨᠳᠦᠰᠦᠯᠡᠵᠦ ︽ᠠᠮᠤᠷ ᠢ ᠪᠠᠲᠤᠯᠠᠬᠤ᠂ ᠨᠢᠭᠡᠳᠦᠯᠲᠡᠶ ᠲᠥᠯᠥᠪᠵᠢᠭᠦᠯᠬᠦ᠂ ᠵᠣᠬᠢᠰᠲᠠᠶ ᠪᠠᠶᠢᠷᠢᠯᠠᠭᠤᠯᠬᠤ᠂ ᠬᠡᠮᠵᠢᠶ᠎ᠡ ᠶᠢ ᠡᠵᠡᠮᠳᠡᠬᠦ︾ ᠵᠠᠷᠴᠢᠮ ᠶᠣᠰᠣᠭᠠᠷ᠂ ᠡᠳᠦᠭᠡ ᠮᠠᠨ ᠤ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ ᠤ ᠫᠤᠤᠵᠢᠩ ᠬᠤᠳᠠᠯᠳᠤᠬᠤ ᠭᠠᠵᠠᠷ ᠢ ᠲᠤᠬᠢᠷᠠᠭᠤᠯᠬᠤ ᠲᠤᠬᠠᠢ ᠲᠤᠤᠷ᠎ᠠ ᠮᠡᠳᠦ ᠵᠠᠷᠯᠠᠨ ᠮᠡᠳᠡᠭᠳᠡᠵᠦ ᠪᠠᠶᠢᠨ᠎ᠠ᠄    ᠨᠢᠭᠡ᠂ ᠪᠤᠤᠴᠠᠩ ᠪᠠᠯᠭᠠᠰᠤᠨ ᠤ ︽207 ᠤᠯᠤᠰ ᠤᠨ ᠵᠠᠮ︾ ᠤᠨ ᠬᠤᠶᠠᠷ ᠬᠠᠵᠠᠭᠤ ᠪᠠ ᠵᠢᠶᠧ ᠹᠠᠩ ᠵᠡᠭᠡᠯᠢ ︵ᠤᠤᠯ ᠤᠨ ᠲᠠᠯ᠎ᠠ ᠨᠤᠳᠤᠭ ᠠᠷᠢᠬᠢᠨ ᠦᠢᠯᠡᠳᠪᠦᠷᠢ ᠶᠢᠨ ᠶᠡᠭᠡ ᠬᠥᠭᠦᠷᠭᠡ ᠠᠴᠠ ᠤᠤ ᠱᠧᠩ ᠳ᠋ᠠ ᠶᠢᠨ ᠪᠠᠷᠠᠭᠤᠨᠳᠠᠬᠢ ᠬᠠᠭᠤᠴᠢᠨ ᠵᠣᠴᠢᠳ ᠤᠨ ᠪᠠᠭᠤᠳᠠᠯ  ᠬᠦᠷᠬᠦ︶ ᠳᠤ ᠫᠤᠤᠵᠢᠩ ᠤᠨ ᠲᠡᠯᠬᠡᠬᠦᠷ ᠭᠠᠷᠭᠠᠵᠤ ᠪᠤᠯᠬᠤ ᠦᠭᠡᠢ᠃    ᠬᠤᠶᠠᠷ᠂ ᠫᠤᠤᠵᠢᠩ ᠬᠤᠳᠠᠯᠳᠤᠬᠤ ᠭᠠᠵᠠᠷ ᠤᠨ ᠲᠠᠯᠠᠪᠠᠢ ᠨᠢ 10 ᠬᠠᠪᠳᠠᠭᠠᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠤᠯᠬᠤ ᠦᠬᠡᠢ  ᠪᠦᠭᠡᠳ200 ᠬᠠᠪᠳᠠᠭᠠᠢ ᠳᠥᠷᠪᠡᠯᠵᠢᠨ ᠮᠧᠲᠷ ᠠᠴᠠ ᠭᠡᠳᠦᠷᠡᠵᠦ ᠪᠣᠯᠬᠤ ᠦᠭᠡᠢ᠃   ᠫᠤᠤᠵᠢᠩ ᠤᠨ ᠲᠡᠯᠬᠡᠬᠦᠷ ᠤᠨ ᠡᠷᠭᠢᠨ ᠲᠣᠭᠤᠷᠢᠨ ᠳᠠᠬᠢ 50 ᠮᠧᠲᠷ ᠤᠨ ᠬᠡᠪᠴᠢᠶᠡᠨ ᠳᠣᠲᠣᠷ᠎ᠠ ᠪᠤᠰᠤᠳ ᠫᠤᠤᠵᠢᠩ ᠤᠨ ᠲᠡᠯᠬᠡᠬᠦᠷ ᠪᠠᠶᠢᠵᠤ ᠪᠤᠯᠬᠤ ᠦᠭᠡᠶ ᠪᠦᠭᠡᠳ ᠰᠤᠷᠭᠠᠭᠤᠯᠢ ᠴᠡᠴᠡᠷᠯᠢᠭ᠂ ᠡᠮᠨᠡᠯᠭᠡ ᠶᠢᠨ ᠬᠤᠷᠢᠶ᠎ᠠ᠂  ᠵᠠᠬ᠎ᠠ ᠳᠡᠯᠭᠡᠭᠦᠷ ᠵᠡᠷᠭᠡ ᠬᠥᠮᠦᠨ ᠤᠯᠠᠨᠳᠠᠢ ᠭᠠᠵᠠᠷ ᠪᠠ ᠲᠣᠰᠣ ᠨᠡᠮᠡᠬᠦ ᠥᠷᠲᠡᠭᠡ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠦᠢᠯᠡᠳᠪᠦᠷᠢᠯᠡᠵᠦ ᠬᠠᠳᠠᠭᠠᠯᠠᠬᠤ ᠭᠤᠤᠯᠳᠠᠯᠭ᠎ᠠ ᠲᠠᠢ ᠭᠠᠵᠠᠷ ᠠᠴᠠ ᠠᠳᠠᠭ ᠲᠠᠭᠠᠨ 100 ᠮᠧᠲᠷ ᠤᠨ ᠵᠠᠶᠢᠳᠠᠢ ᠪᠠᠶᠢᠯᠭᠠᠨ᠎ᠠ᠃     ᠭᠤᠷᠪᠠ᠂ ᠫᠤᠤᠵᠢᠩ ᠤᠨ ᠲᠡᠯᠬᠡᠬᠦᠷ ᠭᠠᠷᠭᠠᠬᠤ ᠳᠤ ᠡᠷᠭᠡᠪᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠡᠷᠡᠮᠡᠯᠵᠡᠯᠡᠨ ᠮᠡᠳᠡᠬᠦᠯᠦᠨ᠎ᠡ᠂  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠦᠷᠢᠳᠭᠡᠨ ᠬᠤᠷᠢᠶᠠᠩᠭᠤᠶᠢᠯᠠᠭᠰᠠᠨ ᠤ ᠳᠠᠷᠠᠭ᠎ᠠ ᠨᠢᠭᠡᠳᠦᠯᠲᠡᠶ ᠴᠠᠭ ᠭᠠᠷᠭᠠᠵᠤ ᠠᠬᠤᠢ ᠲᠠᠯᠠᠪᠠᠢ ᠶᠢᠨ ᠪᠠᠶᠢᠴᠠᠭᠠᠯᠳᠠ ᠬᠢᠨ᠎ᠡ᠃  ᠡᠷᠡᠮᠡᠯᠵᠡᠯᠡᠭᠴᠢ ᠨᠢ ᠡᠵᠡᠩᠨᠡᠯᠲᠡ ᠶᠢᠨ ᠲᠠᠯᠠᠪᠤᠷ ᠢᠶᠠᠨ ᠤᠷᠢᠳᠴᠢᠯᠠᠨ ᠲᠦᠷᠢᠶᠡᠰᠦᠯᠡᠵᠦ ᠪᠣᠯᠬᠤ ᠥᠬᠡᠶ᠂ ᠨᠥᠬᠦᠴᠡᠯ ᠳᠤ ᠨᠡᠶᠢᠴᠡᠬᠦ ᠡᠰᠡᠬᠦ ᠶᠢ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ ᠸᠢᠴᠠᠲ ᠤᠨ ᠬᠤᠯᠪᠤᠭ᠎ᠠ ᠪᠠᠶᠢᠭᠤᠯᠵᠤ ᠠᠶᠢᠮᠠᠭ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠶᠢ ᠬᠤᠯᠪᠤᠭᠠᠨ ᠳᠤ ᠨᠡᠶᠢᠳᠡᠯᠡᠨ᠎ᠡ᠂  ᠡᠷᠡᠮᠡᠯᠵᠡᠯᠡᠭᠴᠢ ᠨᠢ ᠥᠪᠡᠰᠦᠪᠡᠨ ᠪᠣᠯᠪᠠᠰᠤᠷᠠᠯ ᠤᠨ ᠪᠠᠶᠢᠭᠤᠯᠤᠮᠵᠢ ᠲᠠᠢ ᠬᠠᠷᠢᠯᠴᠠᠵᠤ᠂ ᠬᠠᠮᠢᠶ᠎ᠠ ᠪᠦᠬᠦᠢ ᠪᠣᠯᠪᠠᠰᠤᠷᠠᠯ ᠳᠤ ᠨᠡᠷ᠎ᠡ ᠮᠡᠳᠡᠬᠦᠯᠦᠨ ᠤᠷᠤᠯᠴᠠᠭᠠᠳ ︽ᠬᠢᠷᠢ ᠲᠡᠩᠴᠡᠭᠰᠡᠨ ᠦᠨᠡᠮᠯᠡᠯ ︾ ᠭᠠᠷᠳᠠᠨ᠎ᠠ᠃ ᠡᠭᠦᠨ ᠠᠴᠠ ᠭᠠᠳᠠᠨ᠎ᠠ ᠨᠢᠭᠡᠨᠲᠡ  ᠬᠢᠷᠢ ᠲᠡᠩᠴᠡᠭᠰᠡᠨ ᠦᠨᠡᠮᠯᠡᠯ ᠣᠯᠣᠭᠰᠠᠨ ᠪᠤᠯᠪᠠᠴᠤ ᠳᠠᠬᠢᠨ ᠪᠤᠯᠪᠠᠰᠤᠷᠠᠯ ᠳᠤ ᠲᠠᠬᠢᠨ ᠤᠷᠤᠯᠴᠠᠬᠤ ᠴᠢᠬᠤᠯᠠᠳᠠᠢ ᠬᠦᠮᠦᠰ ᠪᠤᠯᠪᠠᠰᠤᠷᠠᠯ ᠳᠤ ᠴᠠᠭ ᠲᠠᠭᠠᠨ ᠣᠷᠣᠯᠴᠠᠵᠤ᠂  ᠡᠷᠡᠮᠡᠯᠵᠡᠯᠡᠨ ᠮᠡᠳᠡᠭᠦᠯᠬᠦ ᠦᠶᠡᠰ ᠪᠣᠯᠪᠠᠰᠤᠷᠠᠯ ᠳᠤ ᠤᠷᠤᠯᠴᠠᠭᠰᠠᠨ ᠬᠠᠮᠢᠶ᠎ᠠ ᠪᠦᠬᠦᠢ ᠭᠡᠷᠡᠴᠢ ᠲᠡᠮᠳᠡᠭ ᠢᠶᠠᠨ ᠲᠤᠰᠢᠶᠠᠨ᠎ᠠ᠃    ᠳᠥᠷᠪᠡ᠂ ᠬᠤᠪᠢ ᠬᠥᠮᠦᠨ ᠤ ᠰᠢᠯᠲᠠᠭᠠᠨ᠂ ᠲᠥᠷᠥ ᠶᠢᠨ ᠪᠣᠳᠣᠯᠭ᠎ᠠ ᠶᠢᠨ ᠰᠢᠯᠲᠠᠭᠠᠨ ᠵᠡᠷᠭᠡ ᠠᠴᠠ ᠪᠣᠯᠵᠤ ᠪᠣᠯᠪᠠᠰᠤᠷᠠᠯ ᠰᠢᠯᠭᠠᠯᠲᠠ ᠳᠤ ᠤᠷᠤᠯᠴᠠᠵᠤ ᠳᠡᠶᠢᠯᠦᠭᠰᠡᠨ ᠦᠭᠡᠶ ᠪᠤᠶᠤ  ᠫᠤᠤᠵᠢᠩ ᠬᠤᠳᠠᠯᠳᠤᠬᠤ ᠭᠠᠵᠠᠷ ᠨᠢ ᠱᠠᠭᠠᠷᠳᠠᠯᠭ᠎ᠠ ᠳᠤ ᠨᠡᠶᠢᠴᠡᠬᠦ ᠦᠭᠡᠶ᠂ ᠡᠵᠡᠩᠨᠡᠯᠲᠡ ᠶᠢᠨ ᠵᠥᠪᠰᠢᠶᠡᠷᠡᠯ ᠣᠯᠵᠤ ᠲᠡᠶᠢᠯᠬᠦ ᠦᠭᠡᠶ ᠠᠴᠠ ᠪᠣᠯᠵᠤ ᠬᠤᠬᠢᠷᠠᠯ ᠭᠠᠷᠤᠭᠰᠠᠨ ᠪᠣᠯ ᠡᠵᠡᠩᠨᠡᠭᠴᠢ ᠥᠪᠡᠰᠦᠪᠡᠨ ᠡᠭᠦᠷᠭᠡᠯᠡᠨ᠎ᠡ᠃    ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶᠠᠨ ᠤ ᠬᠠᠷᠢᠯᠴᠠᠬᠤ ᠤᠲᠠᠰᠤ᠄ 0479-5233106     15641680140                                 ᠲᠠᠶᠢᠪᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ                      2024 ᠣᠨ ᠤ 10 ᠰᠠᠷ᠎ᠠ ᠶᠢᠨ 23 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号