ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠢ ᠰᠢᠯᠢᠳᠡᠭᠵᠢᠬᠦᠯᠵᠦ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠫᠤᠤᠵᠢᠩ ᠬᠤᠳᠠᠯᠳᠤᠬᠤ ᠡᠵᠡᠩᠨᠡᠯᠲᠡ ᠶᠢᠨ ᠠᠵᠢᠯᠯᠠᠭ᠎ᠠ ᠶᠢ ᠴᠢᠩᠭᠠᠳᠬᠠᠨ | ᠲᠦᠷᠢᠮᠵᠢᠬᠦᠯᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ︾᠂ ︽ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾᠂ ︽ | ᠫᠤᠤᠵᠢᠩ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠲᠤᠬᠠᠢ ᠬᠡᠷᠡᠭᠵᠢᠭᠦᠯᠬᠦ ᠠᠷᠭ᠎ᠠ︾᠂ ︽ᠫᠤᠤᠵᠢᠩ | ᠵᠢᠵᠢᠭᠯᠡᠨ ᠭᠠᠵᠠᠷ ᠤᠨ ᠠᠮᠤᠷ ᠲᠦᠪᠰᠢᠨ ᠤ ᠮᠡᠷᠭᠡᠵᠢᠯ ᠤᠨ ᠲᠦᠷᠢᠮᠵᠢᠯ︾ ︵AQ 4128-2019︶ ᠵᠡᠷᠭᠡ | ᠬᠠᠤᠯᠢ ᠲᠦᠷᠢᠮ ᠢ ᠦᠨᠳᠦᠰᠦᠯᠡᠵᠦ ︽ᠠᠮᠤᠷ ᠢ ᠪᠠᠲᠤᠯᠠᠬᠤ᠂ ᠨᠢᠭᠡᠳᠦᠯᠲᠡᠶ ᠲᠥᠯᠥᠪᠵᠢᠭᠦᠯᠬᠦ᠂ ᠵᠣᠬᠢᠰᠲᠠᠶ | ᠪᠠᠶᠢᠷᠢᠯᠠᠭᠤᠯᠬᠤ᠂ ᠬᠡᠮᠵᠢᠶ᠎ᠡ ᠶᠢ ᠡᠵᠡᠮᠳᠡᠬᠦ︾ ᠵᠠᠷᠴᠢᠮ ᠶᠣᠰᠣᠭᠠᠷ᠂ ᠡᠳᠦᠭᠡ ᠮᠠᠨ ᠤ ᠬᠤᠰᠢᠭᠤᠨ ᠤ ᠴᠠᠭᠠᠨ | ᠰᠠᠷ᠎ᠠ ᠶᠢᠨ ᠬᠤᠭᠤᠴᠠᠭᠠᠨ ᠤ ᠫᠤᠤᠵᠢᠩ ᠬᠤᠳᠠᠯᠳᠤᠬᠤ ᠭᠠᠵᠠᠷ ᠢ ᠲᠤᠬᠢᠷᠠᠭᠤᠯᠬᠤ ᠲᠤᠬᠠᠢ ᠲᠤᠤᠷ᠎ᠠ ᠮᠡᠳᠦ ᠵᠠᠷᠯᠠᠨ | ᠮᠡᠳᠡᠭᠳᠡᠵᠦ ᠪᠠᠶᠢᠨ᠎ᠠ᠄ | ᠨᠢᠭᠡ᠂ ᠪᠤᠤᠴᠠᠩ ᠪᠠᠯᠭᠠᠰᠤᠨ ᠤ ︽207 ᠤᠯᠤᠰ ᠤᠨ ᠵᠠᠮ︾ ᠤᠨ ᠬᠤᠶᠠᠷ ᠬᠠᠵᠠᠭᠤ ᠪᠠ ᠵᠢᠶᠧ ᠹᠠᠩ ᠵᠡᠭᠡᠯᠢ | ︵ᠤᠤᠯ ᠤᠨ ᠲᠠᠯ᠎ᠠ ᠨᠤᠳᠤᠭ ᠠᠷᠢᠬᠢᠨ ᠦᠢᠯᠡᠳᠪᠦᠷᠢ ᠶᠢᠨ ᠶᠡᠭᠡ ᠬᠥᠭᠦᠷᠭᠡ ᠠᠴᠠ ᠤᠤ ᠱᠧᠩ ᠳ᠋ᠠ ᠶᠢᠨ | ᠪᠠᠷᠠᠭᠤᠨᠳᠠᠬᠢ ᠬᠠᠭᠤᠴᠢᠨ ᠵᠣᠴᠢᠳ ᠤᠨ ᠪᠠᠭᠤᠳᠠᠯ ᠬᠦᠷᠬᠦ︶ ᠳᠤ ᠫᠤᠤᠵᠢᠩ ᠤᠨ ᠲᠡᠯᠬᠡᠬᠦᠷ ᠭᠠᠷᠭᠠᠵᠤ ᠪᠤᠯᠬᠤ | ᠦᠭᠡᠢ᠃ | ᠬᠤᠶᠠᠷ᠂ ᠫᠤᠤᠵᠢᠩ ᠬᠤᠳᠠᠯᠳᠤᠬᠤ ᠭᠠᠵᠠᠷ ᠤᠨ ᠲᠠᠯᠠᠪᠠᠢ ᠨᠢ 10 ᠬᠠᠪᠳᠠᠭᠠᠢ ᠳᠥᠷᠪᠡᠯᠵᠢᠨ ᠮᠧᠲᠷ ᠠᠴᠠ | ᠪᠠᠭ᠎ᠠ ᠪᠠᠶᠢᠵᠤ ᠪᠤᠯᠬᠤ ᠦᠬᠡᠢ᠂ ᠮᠦᠨᠴᠦ 200 ᠬᠠᠪᠳᠠᠭᠠᠢ ᠳᠥᠷᠪᠡᠯᠵᠢᠨ ᠮᠧᠲᠷ ᠠᠴᠠ ᠭᠡᠳᠦᠷᠡᠵᠦ ᠪᠣᠯᠬᠤ ᠦᠭᠡᠢ | ᠃ ᠫᠤᠤᠵᠢᠩ ᠤᠨ ᠲᠡᠯᠬᠡᠬᠦᠷ ᠤᠨ ᠡᠷᠭᠢᠨ ᠲᠣᠭᠤᠷᠢᠨ ᠳᠠᠬᠢ 50 ᠮᠧᠲᠷ ᠤᠨ ᠬᠡᠪᠴᠢᠶᠡᠨ ᠳᠣᠲᠣᠷ᠎ᠠ ᠪᠤᠰᠤᠳ | ᠫᠤᠤᠵᠢᠩ ᠤᠨ ᠲᠡᠯᠬᠡᠬᠦᠷ ᠪᠠᠶᠢᠵᠤ ᠪᠤᠯᠬᠤ ᠦᠭᠡᠶ ᠪᠦᠭᠡᠳ ᠰᠤᠷᠭᠠᠭᠤᠯᠢ ᠴᠡᠴᠡᠷᠯᠢᠭ᠂ ᠡᠮᠨᠡᠯᠭᠡ ᠶᠢᠨ ᠬᠤᠷᠢᠶ᠎ᠠ᠂ | ᠵᠠᠬ᠎ᠠ ᠳᠡᠯᠭᠡᠭᠦᠷ ᠵᠡᠷᠭᠡ ᠬᠥᠮᠦᠨ ᠤᠯᠠᠨᠳᠠᠢ ᠭᠠᠵᠠᠷ ᠪᠠ ᠲᠣᠰᠣ ᠨᠡᠮᠡᠬᠦ ᠥᠷᠲᠡᠭᠡ ᠵᠡᠷᠭᠡ ᠨᠣᠴᠣᠮᠠᠲᠠᠭᠠᠶ | ᠳᠡᠯᠪᠡᠷᠡᠮᠡᠲᠡᠭᠡᠶ ᠪᠣᠳᠠᠰ ᠦᠢᠯᠡᠳᠪᠦᠷᠢᠯᠡᠵᠦ ᠬᠠᠳᠠᠭᠠᠯᠠᠬᠤ ᠭᠤᠤᠯᠳᠠᠯᠭ᠎ᠠ ᠲᠠᠢ ᠭᠠᠵᠠᠷ ᠠᠴᠠ ᠠᠳᠠᠭ ᠲᠠᠭᠠᠨ 100 | ᠮᠧᠲᠷ ᠤᠨ ᠵᠠᠶᠢᠳᠠᠢ ᠪᠠᠶᠢᠯᠭᠠᠨ᠎ᠠ᠃ | ᠭᠤᠷᠪᠠ᠂ ᠫᠤᠤᠵᠢᠩ ᠤᠨ ᠲᠡᠯᠬᠡᠬᠦᠷ ᠭᠠᠷᠭᠠᠬᠤ ᠳᠤ ᠡᠷᠭᠡᠪᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠡᠷᠡᠮᠡᠯᠵᠡᠯᠡᠨ ᠮᠡᠳᠡᠬᠦᠯᠦᠨ᠎ᠡ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠨᠢ ᠪᠦᠷᠢᠳᠭᠡᠨ ᠬᠤᠷᠢᠶᠠᠩᠭᠤᠶᠢᠯᠠᠭᠰᠠᠨ ᠤ ᠳᠠᠷᠠᠭ᠎ᠠ ᠨᠢᠭᠡᠳᠦᠯᠲᠡᠶ ᠴᠠᠭ ᠭᠠᠷᠭᠠᠵᠤ | ᠠᠬᠤᠢ ᠲᠠᠯᠠᠪᠠᠢ ᠶᠢᠨ ᠪᠠᠶᠢᠴᠠᠭᠠᠯᠳᠠ ᠬᠢᠨ᠎ᠡ᠃ ᠡᠷᠡᠮᠡᠯᠵᠡᠯᠡᠭᠴᠢ ᠨᠢ ᠡᠵᠡᠩᠨᠡᠯᠲᠡ ᠶᠢᠨ ᠲᠠᠯᠠᠪᠤᠷ ᠢᠶᠠᠨ ᠤᠷᠢᠳᠴᠢᠯᠠᠨ | ᠲᠦᠷᠢᠶᠡᠰᠦᠯᠡᠵᠦ ᠪᠣᠯᠬᠤ ᠥᠬᠡᠶ᠂ ᠨᠥᠬᠦᠴᠡᠯ ᠳᠤ ᠨᠡᠶᠢᠴᠡᠬᠦ ᠡᠰᠡᠬᠦ ᠶᠢ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ | ᠸᠢᠴᠠᠲ ᠤᠨ ᠬᠤᠯᠪᠤᠭ᠎ᠠ ᠪᠠᠶᠢᠭᠤᠯᠵᠤ ᠠᠶᠢᠮᠠᠭ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠶᠢ | ᠬᠤᠯᠪᠤᠭᠠᠨ ᠳᠤ ᠨᠡᠶᠢᠳᠡᠯᠡᠨ᠎ᠡ᠂ ᠡᠷᠡᠮᠡᠯᠵᠡᠯᠡᠭᠴᠢ ᠨᠢ ᠥᠪᠡᠰᠦᠪᠡᠨ ᠪᠣᠯᠪᠠᠰᠤᠷᠠᠯ ᠤᠨ ᠪᠠᠶᠢᠭᠤᠯᠤᠮᠵᠢ ᠲᠠᠢ | ᠬᠠᠷᠢᠯᠴᠠᠵᠤ᠂ ᠬᠠᠮᠢᠶ᠎ᠠ ᠪᠦᠬᠦᠢ ᠪᠣᠯᠪᠠᠰᠤᠷᠠᠯ ᠳᠤ ᠨᠡᠷ᠎ᠡ ᠮᠡᠳᠡᠬᠦᠯᠦᠨ ᠤᠷᠤᠯᠴᠠᠭᠠᠳ ︽ᠬᠢᠷᠢ ᠲᠡᠩᠴᠡᠭᠰᠡᠨ ᠦᠨᠡᠮᠯᠡᠯ | ︾ ᠭᠠᠷᠳᠠᠨ᠎ᠠ᠃ ᠡᠭᠦᠨ ᠠᠴᠠ ᠭᠠᠳᠠᠨ᠎ᠠ ᠨᠢᠭᠡᠨᠲᠡ ᠬᠢᠷᠢ ᠲᠡᠩᠴᠡᠭᠰᠡᠨ ᠦᠨᠡᠮᠯᠡᠯ ᠣᠯᠣᠭᠰᠠᠨ ᠪᠤᠯᠪᠠᠴᠤ ᠳᠠᠬᠢᠨ | ᠪᠤᠯᠪᠠᠰᠤᠷᠠᠯ ᠳᠤ ᠲᠠᠬᠢᠨ ᠤᠷᠤᠯᠴᠠᠬᠤ ᠴᠢᠬᠤᠯᠠᠳᠠᠢ ᠬᠦᠮᠦᠰ ᠪᠤᠯᠪᠠᠰᠤᠷᠠᠯ ᠳᠤ ᠴᠠᠭ ᠲᠠᠭᠠᠨ ᠣᠷᠣᠯᠴᠠᠵᠤ᠂ | ᠡᠷᠡᠮᠡᠯᠵᠡᠯᠡᠨ ᠮᠡᠳᠡᠭᠦᠯᠬᠦ ᠦᠶᠡᠰ ᠪᠣᠯᠪᠠᠰᠤᠷᠠᠯ ᠳᠤ ᠤᠷᠤᠯᠴᠠᠭᠰᠠᠨ ᠬᠠᠮᠢᠶ᠎ᠠ ᠪᠦᠬᠦᠢ ᠭᠡᠷᠡᠴᠢ ᠲᠡᠮᠳᠡᠭ ᠢᠶᠠᠨ | ᠲᠤᠰᠢᠶᠠᠨ᠎ᠠ᠃ | ᠳᠥᠷᠪᠡ᠂ ᠬᠤᠪᠢ ᠬᠥᠮᠦᠨ ᠤ ᠰᠢᠯᠲᠠᠭᠠᠨ᠂ ᠲᠥᠷᠥ ᠶᠢᠨ ᠪᠣᠳᠣᠯᠭ᠎ᠠ ᠶᠢᠨ ᠰᠢᠯᠲᠠᠭᠠᠨ ᠵᠡᠷᠭᠡ ᠠᠴᠠ ᠪᠣᠯᠵᠤ | ᠪᠣᠯᠪᠠᠰᠤᠷᠠᠯ ᠰᠢᠯᠭᠠᠯᠲᠠ ᠳᠤ ᠤᠷᠤᠯᠴᠠᠵᠤ ᠳᠡᠶᠢᠯᠦᠭᠰᠡᠨ ᠦᠭᠡᠶ ᠪᠤᠶᠤ ᠫᠤᠤᠵᠢᠩ ᠬᠤᠳᠠᠯᠳᠤᠬᠤ ᠭᠠᠵᠠᠷ ᠨᠢ | ᠱᠠᠭᠠᠷᠳᠠᠯᠭ᠎ᠠ ᠳᠤ ᠨᠡᠶᠢᠴᠡᠬᠦ ᠦᠭᠡᠶ᠂ ᠡᠵᠡᠩᠨᠡᠯᠲᠡ ᠶᠢᠨ ᠵᠥᠪᠰᠢᠶᠡᠷᠡᠯ ᠣᠯᠵᠤ ᠲᠡᠶᠢᠯᠬᠦ ᠦᠭᠡᠶ ᠠᠴᠠ ᠪᠣᠯᠵᠤ | ᠬᠤᠬᠢᠷᠠᠯ ᠭᠠᠷᠤᠭᠰᠠᠨ ᠪᠣᠯ ᠡᠵᠡᠩᠨᠡᠭᠴᠢ ᠥᠪᠡᠰᠦᠪᠡᠨ ᠡᠭᠦᠷᠭᠡᠯᠡᠨ᠎ᠡ᠃ | ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶᠠᠨ ᠤ ᠬᠠᠷᠢᠯᠴᠠᠬᠤ | ᠤᠲᠠᠰᠤ᠄ 0479-5233106 15641680140 | | ᠲᠠᠶᠢᠪᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | 2024 ᠣᠨ ᠤ 10 ᠰᠠᠷ᠎ᠠ ᠶᠢᠨ 23 ᠤ ᠡᠳᠦᠷ |