ᠠᠷᠠᠯᠵᠢᠶᠠᠴᠢᠨ ᠤᠷᠢᠬᠤ ᠠᠵᠢᠯ ᠤᠨ ᠲᠤᠭ᠎ᠠ ᠪᠠᠷᠢᠮᠳᠠ — 2
ᠨᠡᠶᠢᠲᠡᠯᠡᠭᠰᠡᠨ ᠴᠠᠭ᠄
2024/10/29
   ᠲᠠᠶᠢᠹᠤᠰᠧ ᠬᠤᠰᠢᠭᠤ ᠨᠢ ᠣᠳᠣ ᠶᠢᠨ ᠪᠠᠶᠢᠭ᠎ᠠ ᠠᠵᠤ ᠦᠢᠯᠡᠰ ᠤᠨ ᠦᠨᠳᠦᠰᠦᠨ ᠳᠠᠪᠠᠭᠤᠯᠢᠭ ᠢᠶᠠᠨ ᠪᠠᠳᠤᠳᠬᠠᠬᠤ ᠪᠠ ᠥᠷᠭᠡᠳᠬᠡᠬᠦ ᠶᠢᠨ ᠲᠣᠭᠤᠷᠢᠨ ᠳᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠠᠪᠰᠤᠷᠤᠨ ᠲᠡᠳᠬᠦᠬᠦ ᠲᠠᠪᠴᠠᠩ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠲᠠᠪᠴᠠᠩ ᠵᠡᠷᠭᠡ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ  ᠤᠨ ᠰᠢᠯᠵᠢᠯᠳᠡ ᠶᠢᠨ ᠠᠵᠠ ᠲᠣᠬᠢᠶᠠᠯ ᠢ ᠡᠵᠡᠮᠳᠡᠨ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠠᠲᠠᠬᠤ ᠬᠦᠴᠦᠨ ᠢ ᠲᠠᠰᠤᠷᠠᠯᠲᠠ ᠦᠭᠡᠢ ᠨᠡᠮᠡᠭᠳᠡᠬᠦᠯᠵᠡᠢ᠃  ᠣᠷᠴᠢᠮ ᠤᠨ ᠵᠢᠯ ᠳᠤ ᠲᠤᠰ ᠬᠤᠰᠢᠭᠤ ᠨᠢ ᠬᠠᠪᠰᠤᠷᠤᠨ ᠲᠡᠳᠭᠦᠬᠦ ᠨᠢᠭᠡᠴᠡ ᠪᠣᠯᠤᠨ ᠭᠠᠵᠠᠷ ᠤᠷᠣᠠ ᠤ ᠵᠣᠬᠢᠶᠠᠨ ᠪᠠᠢᠭᠤᠯᠤᠯᠲᠠ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠵᠣ ᠦᠯᠠᠰ ᠤᠨ ᠳᠠᠪᠠᠭᠤᠯᠢᠭ ᠲᠤ ᠲᠦᠰᠢᠭᠯᠡᠨ᠂ ︽ᠭᠠᠳᠠᠭᠰᠢ ᠭᠠᠷᠬᠤ᠂ ᠤᠷᠢᠵᠤ ᠤᠷᠤᠭᠤᠯᠬᠤ︾ ᠶᠢ ᠪᠠᠷᠢᠮᠳᠠᠯᠠᠵᠤ᠂ ᠤᠯᠠᠠ ᠳᠡᠰ ᠳᠠᠪᠬᠤᠷᠭ᠎ᠠ ᠶᠢᠨ  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠤᠯᠭᠠᠭᠤᠯᠤᠯᠳᠠ ᠶᠢᠨ ᠠᠵᠢᠯᠯᠠᠭ᠎ᠠ ᠶᠢ 110 ᠭᠠᠷᠤᠢ ᠤᠳᠠᠭ᠎ᠠ ᠵᠣᠬᠢᠶᠠᠨ ᠪᠠᠶᠢᠭᠤᠯᠵᠤ ᠦᠷᠨᠢᠬᠦᠯᠦᠭᠰᠡᠨ ᠪᠦᠭᠡᠳ ᠪᠡᠭᠡᠵᠢᠩ᠂ ᠲᠢᠶᠠᠨᠵᠢᠨ᠂ ᠾᠧᠪᠧᠢ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠬᠤ ᠲᠣᠮᠣ ᠬᠡᠯᠪᠡᠷᠢ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ 10 ᠭᠠᠷᠤᠢ ᠤᠳᠠᠭ᠎ᠠ ᠡᠷᠬᠢᠯᠡᠵᠦ᠂ 300 ᠭᠠᠷᠤᠢ ᠠᠵᠤ ᠠᠵᠤ ᠠᠬᠤᠶᠢᠯᠠᠯ  ᠲᠠᠢ ᠬᠠᠷᠢᠴᠠᠭ᠎ᠠ ᠪᠠᠶᠢᠭᠤᠯᠤᠨ᠂ 28 ᠬᠤᠪᠢ ᠬᠠᠮᠲᠤᠷᠠᠯᠴᠠᠭᠠᠨ ᠤ  ᠭᠡᠷ᠎ᠡ ᠶᠢ ᠲᠤᠭᠳᠠᠵᠤ᠂ 22 ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠲᠤᠰ ᠬᠤᠰᠢᠭᠤ ᠨᠢ ᠰᠢᠨ᠎ᠡ ᠶᠢ ᠡᠭᠦᠳᠬᠦ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠥᠯᠥᠪᠯᠡᠭᠡ ᠶᠢ ᠬᠦᠴᠦᠯᠡᠨ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠤᠮᠤ ᠠᠵᠤ ᠠᠬᠤᠶᠢᠯᠠᠯ᠂ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠬᠤ ᠪᠠᠨ ᠲᠦᠷᠭᠡᠳᠭᠡᠵᠡᠢ᠃  ᠤᠳᠤ ᠪᠣᠯᠲᠠᠯ᠎ᠠ᠂ ᠪᠥᠬᠦ ᠬᠤᠰᠢᠭᠤᠨ ᠳᠤ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 7 ᠶᠢ ᠪᠤᠶᠢᠵᠢᠭᠤᠯᠵᠤ᠂ ᠬᠡᠲᠦ ᠬᠠᠲᠠᠭᠤ ᠮᠠᠲ᠋ᠧᠷᠢᠶᠠᠯ᠂ ᠲᠠᠷᠢᠶᠠᠯᠠᠩ ᠮᠠᠯ ᠠᠵᠤ ᠠᠬᠤᠶ ᠶᠢᠨ ᠲᠤᠰᠠᠯᠠᠬᠤ ᠠᠵᠤ ᠦᠢᠯᠡᠰ ᠤᠨ ᠬᠡᠯᠬᠢᠶ᠎ᠡ ᠵᠡᠷᠭᠡ ᠣᠯᠠᠨ ᠠᠵᠤ ᠦᠢᠯᠡᠰ ᠤᠨ ᠬᠡᠯᠬᠢᠶ᠎ᠡ ᠶᠢ ᠬᠠᠮᠤᠷᠪᠠ᠃ ᠡᠭᠦᠨ ᠳᠤ᠂ ᠲᠠᠩ ᠾᠧ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠪᠥᠬᠦ ᠣᠷᠣᠨ ᠳᠠᠬᠢ ᠠᠵᠢᠯ ᠲᠥᠷᠥᠯ ᠤᠨ ᠳᠠᠭᠠᠭᠤᠯᠤᠭᠴᠢ ᠶᠢᠨ ᠪᠠᠶᠢᠷᠢ ᠰᠠᠭᠤᠷᠢ ᠪᠠ  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠲᠤ ᠲᠦᠰᠢᠭᠯᠡᠨ᠂ ᠤᠷᠢᠳ ᠬᠤᠵᠢᠳ ᠬᠡᠲᠦ ᠬᠠᠲᠠᠭᠤ ᠮᠠᠲ᠋ᠧᠷᠢᠶᠠᠯ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ 4 ᠶᠢ ᠤᠷᠢᠵᠤ ᠤᠷᠤᠭᠤᠯᠤᠭᠠᠳ᠂ ᠪᠥᠬᠦ ᠬᠤᠰᠢᠭᠤᠨ ᠤ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠲᠦᠷᠭᠡᠨ ᠲᠡᠬᠦᠯᠳᠡᠷᠵᠢᠵᠦ᠂ ︽ᠠᠯᠮᠠᠰ ᠴᠢᠯᠠᠭᠤᠨ ᠤ ᠵᠢᠵᠢᠭ ᠪᠠᠯᠭᠠᠰᠤ︾ ᠶᠢᠨ ᠠᠩᠬᠠᠨ ᠤ ᠳᠦᠷᠰᠦ ᠪᠠᠶᠢᠳᠠᠯ ᠪᠤᠢ ᠪᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号